ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ  ᠤᠨ ᠣᠷᠴᠢᠨ ᠲᠣᠭᠤᠷᠢᠨ ᠤ ᠬᠠᠮᠠᠭᠠᠯᠠᠯᠲᠠ ᠎ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ  ᠰᠢᠢᠳᠬᠡᠯ ᠲᠣᠷᠭᠠᠭᠤᠯᠢ ᠶᠢᠨ ᠲᠣᠭᠲᠠᠭᠠᠯ  ᠤᠨ ᠪᠢᠴᠢᠭ 20
ᠨᠡᠶᠢᠲᠡᠯᠡᠭᠰᠡᠨ ᠴᠠᠭ᠄
2019/7/7
ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ  ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ  ᠰᠢᠢᠳᠬᠡᠯ ᠲᠣᠷᠭᠠᠭᠤᠯᠢ ᠶᠢᠨ ᠲᠣᠭᠲᠠᠭᠠᠯ  ᠤᠨ ᠪᠢᠴᠢᠭ       ᠶᠤᠸᠠᠨ  ᠣᠷᠴᠢᠨ ᠲᠣᠷᠭᠠᠬᠤ ᠥᠰᠥᠭ ﹇2019﹈ 20 ᠳ᠋ᠤᠭᠠᠷ ᠲᠣᠭᠠᠲᠤ       ᠲᠠᠨ ᠶᠦᠩ ᠵᠢᠶᠦ᠋ᠨ   ︵ᠨᠤᠨᠲᠠᠭ ᠨᠡᠭᠦᠷᠡᠰᠦᠨ  ᠴᠢᠯᠠᠭᠤᠨ ᠤ ᠦᠶᠯᠡᠳᠪᠦᠷᠢ︶      ᠪᠡᠶ᠎ᠡ ᠶᠢᠨ ᠦᠨᠡᠮᠯᠡᠬᠦ ᠶᠢᠨ ᠳ᠋ᠤᠭᠠᠷ᠄ 150403196403160537     ᠬᠠᠶ᠋ᠢᠭ᠄  ᠶᠤᠸᠠᠨ ᠪᠤᠤ ᠱᠠᠨ ᠲᠤᠭᠤᠷᠢᠭ ᠤᠨ ᠪᠠᠷᠠᠭᠤᠨ ᠵᠢᠷᠭᠤᠭᠠᠨ ᠠᠶᠢᠯ ᠲᠤᠰᠬᠤᠨ ᠤ ᠶᠡᠭᠡ ᠭᠤᠤ ᠶᠢᠨ ᠬᠤᠶᠢᠨ᠎ᠠ    ᠬᠠᠤᠯᠢ  ᠶᠢᠨ ᠲᠥᠯᠥᠭᠡᠯᠡᠭᠴᠢ᠄   ᠲᠠᠨ ᠶᠦᠩ ᠵᠢᠶᠦ᠋ᠨ  ᠂  ᠲᠤᠰᠢᠶᠠᠯ᠄  ᠡᠵᠡᠩᠨᠡᠭᠴᠢ     ᠮᠠᠨ ᠤ ᠲᠣᠪᠴᠢᠶ᠎ᠠ 2019 ᠣᠨ ᠤ 6 ᠰᠠᠷ᠎ᠠ ᠶᠢᠨ 9᠎ ᠤ ᠡᠳᠦᠷ ᠲᠠᠨ ᠤ ᠨᠢᠭᠡᠴᠢ ᠳᠤ  ᠪᠠᠶᠢᠴᠠᠭᠠᠯᠲᠠ ᠬᠢᠵᠦ᠂  ᠳᠣᠣᠷᠠᠬᠢ ᠮᠡᠲᠦ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠬᠢᠭᠰᠡᠨ ᠢ ᠣᠯᠵᠤ ᠮᠡᠳᠡᠪᠡ᠄     ᠪᠠᠶᠢᠴᠠᠭᠠᠭᠰᠠᠨ ᠢᠶᠠᠷ᠂   ᠲᠠᠨ  ᠤ ᠨᠢᠭᠡᠴᠡ ᠨᠢ 2000 ᠲᠣᠨ ᠨᠡᠭᠦᠷᠡᠰᠦᠨ ᠰᠢᠪᠡᠷ ᠬᠠᠳᠠᠭᠠᠯᠠᠵᠤ᠂ ᠪᠢᠲᠡᠭᠦᠮᠵᠢᠯᠡᠬᠦ ᠠᠷᠭ᠎ᠠ ᠬᠡᠮᠵᠢᠶ᠎ᠡ ᠠᠪᠴᠤ ᠳᠡᠭᠳᠡᠮᠡᠯ ᠲᠣᠭᠤᠰᠣ ᠰᠢᠷᠣᠶ ᠶᠢᠨ ᠪᠣᠬᠢᠷᠲᠤᠯ ᠢ ᠰᠡᠷᠭᠡᠶᠢᠯᠡᠭᠰᠡᠨ ᠦᠭᠡᠢ  ᠃     ᠳᠡᠭᠡᠷᠡᠬᠢ ᠪᠣᠳᠠᠲᠤ ᠶᠠᠪᠤᠳᠠᠯ ᠳᠤ ᠳᠣᠣᠷ᠎ᠠ ᠵᠢᠭᠰᠠᠭᠠᠭᠰᠠᠨ ᠭᠡᠷᠡᠴᠢ ᠪᠠᠷᠢᠮᠲᠠ ᠪᠠᠷ ᠦᠨᠳᠦᠰᠦᠯᠡᠯ ᠪᠣᠯᠭᠠᠨ᠎ᠠ᠄    1 . 2019 ᠣᠨ ᠤ 6 ᠳ᠋ᠤᠭᠠᠷ ᠰᠠᠷ᠎ᠠ ᠶᠢᠨ 9᠎ ᠤ ᠡᠳᠦᠷ ᠤᠨ ︽ᠤᠯᠠᠭᠠᠨᠬᠠᠳᠠ ᠬᠤᠲᠠ ᠶᠢᠨ ᠶᠤᠸᠠᠨ  ᠪᠤᠤ ᠱᠠᠨ ᠲᠣᠭᠤᠷᠢᠭ  ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠶᠢᠨ ᠲᠡᠮᠳᠡᠭᠯᠡᠯ︾᠃    2 . 2019 ᠣᠨ ᠤ 6 ᠳ᠋ᠤᠭᠠᠷ ᠰᠠᠷ᠎ᠠ ᠶᠢᠨ 9᠎ ᠤ ᠡᠳᠦᠷ ᠤᠨ ︽ᠤᠯᠠᠭᠠᠨᠬᠠᠳᠠ ᠬᠤᠲᠠ ᠶᠢᠨ ᠶᠤᠸᠠᠨ  ᠪᠤᠤ ᠱᠠᠨ ᠲᠣᠭᠤᠷᠢᠭ  ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠲᠤᠬᠠᠶ ᠶᠢᠨ ᠲᠠᠯᠠᠪᠤᠷ ᠤᠨ ᠪᠠᠶᠢᠴᠠᠭᠠᠨ ᠠᠰᠠᠭᠤᠭᠰᠠᠨ ᠲᠡᠮᠳᠡᠭᠯᠡᠯ︾᠃    3᠂ 2019 ᠣᠨ 6 ᠳ᠋ᠤᠭᠠᠷ ᠰᠠᠷ᠎ᠠ ᠶᠢᠨ 17᠎ ᠤ ᠡᠳᠦᠷ ᠤᠨ ︽ᠤᠯᠠᠭᠠᠨᠬᠠᠳᠠ ᠬᠤᠲᠠ ᠶᠢᠨ ᠶᠤᠸᠠᠨ  ᠪᠤᠤ ᠱᠠᠨ ᠲᠣᠭᠤᠷᠢᠭ  ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠵᠢᠨ‌‍ᠲ᠋ᠤᠬᠠᠢ ᠶᠢᠨ ᠲᠠᠯᠠᠪᠠᠢ ᠶᠢᠨ ᠪᠠᠶᠢᠴᠠᠭᠠᠭᠰᠠᠨ ᠵᠢᠷᠤᠭ ᠲᠦᠷᠰᠥ ᠶᠢᠨ ᠲᠤᠳᠤᠷᠬᠠᠶᠢᠯᠠᠯᠲᠠ︾᠃     ᠭᠡᠷᠡᠴᠢ ᠪᠠᠷᠢᠮᠲᠠ 1 - 3᠎ ᠨᠢ ᠲᠠᠨ  ᠤ ᠨᠢᠭᠡᠴᠢ ᠨᠢ 2000 ᠲᠣᠨ ᠨᠡᠭᠦᠷᠡᠰᠦᠨ ᠰᠢᠪᠡᠷ ᠬᠠᠳᠠᠭᠠᠯᠠᠵᠤ᠂ ᠪᠢᠲᠡᠭᠦᠮᠵᠢᠯᠡᠬᠦ ᠠᠷᠭ᠎ᠠ ᠬᠡᠮᠵᠢᠶ᠎ᠡ ᠠᠪᠴᠤ ᠳᠡᠭᠳᠡᠮᠡᠯ ᠲᠣᠭᠤᠰᠣ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠭᠰᠠᠨ ᠦᠭᠡᠢ ᠶᠢ ᠭᠡᠷᠡᠴᠢᠯᠡᠵᠦ ᠪᠠᠶᠢᠨ᠎ᠠ᠃    4᠂   ᠲᠠᠨ  ᠶᠦᠩ ᠵᠢᠶᠦ᠋ᠨ ︵ᠨᠤᠨᠲᠠᠭ ᠨᠡᠭᠦᠷᠡᠰᠦᠨ  ᠴᠢᠯᠠᠭᠤᠨ ᠤ ᠦᠶᠯᠡᠳᠪᠦᠷᠢ︶᠎ ᠤ  ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ᠃    ᠭᠡᠷᠡᠴᠢ ᠪᠠᠷᠢᠮᠲᠠ 4 ᠣᠷᠴᠢᠨ ᠠᠬᠤᠢ ᠶᠢᠨ ᠬᠠᠤᠯᠢ ᠶᠢ ᠵᠥᠷᠢᠴᠡᠭᠰᠡᠨ ᠪᠡᠶᠡᠴᠢ ᠴᠣᠭᠴᠠ ᠪᠣᠯ ᠲᠠᠨ ᠶᠦᠨ ᠵᠢᠶᠦ᠋ᠨ ( ᠨᠤᠨᠲᠠᠭ ᠨᠡᠭᠦᠷᠡᠰᠦᠨ ᠴᠢᠯᠠᠭᠤᠨ ᠤ ᠦᠶᠯᠡᠳᠪᠦᠷᠢ ) ᠪᠣᠯᠬᠤ ᠶᠢ ᠭᠡᠷᠡᠴᠢᠯᠡᠨ᠎ᠡ᠃    5  ᠂ ︽ᠡᠵᠡᠩᠨᠡᠯᠲᠡ ᠶᠢᠨ ᠦᠨᠡᠮᠯᠡᠯ︾᠎ ᠤᠨ ᠬᠠᠭᠤᠯᠪᠤᠷᠢ    6᠂  ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ᠃           ᠭᠡᠷᠡᠴᠢ ᠪᠠᠷᠢᠮᠲᠠ 5 — 6  ᠎ ᠨᠢ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠭᠤᠣᠯ ᠴᠣᠭᠴᠠ ᠪᠣᠯ ᠥᠪᠥᠷ ᠮᠣᠩᠭᠤᠯ ᠤᠨ ᠵᠢᠶ ᠠᠨ ᠬᠢᠮᠢ ᠶᠢᠨ ᠠᠵᠤ ᠦᠶᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠤᠸᠠᠨ  ᠪᠤᠣ ᠱᠠᠨ  ᠬᠤᠪᠢᠶᠠᠷᠢ ᠺᠣᠮᠫᠠᠨᠢ ᠪᠣᠯᠬᠤ ᠶᠢ ᠭᠡᠷᠡᠴᠢᠯᠡᠵᠦ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠎ ᠨᠢ ᠰᠢᠤᠢ ᠴᠥᠨ ᠯᠠᠢ ᠪᠤᠯᠬᠤ ᠶᠢ ᠭᠡᠷᠡᠴᠢᠯᠡᠵᠦ  ᠪᠣᠢ  ᠃     ᠲᠠᠨ  ᠤ ᠨᠢᠭᠡᠴᠢ ᠶᠢᠨ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠨᠢ 《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ 》᠎ ᠶᠢᠨ ᠳᠠᠯᠠᠨ ᠬᠤᠶᠠᠳᠤᠭᠠᠷ ᠵᠦᠶᠯ ᠤᠨ ᠨᠢᠭᠡᠳᠦᠭᠡᠷ  ᠵᠣᠷᠪᠣᠰ ᠪᠣᠯᠬᠤ《 ᠨᠡᠭᠦᠷᠡᠰᠦ᠂ ᠨᠡᠭᠦᠷᠡᠰᠦᠨ ᠴᠢᠯᠠᠭᠤ᠂ ᠨᠡᠭᠦᠷᠡᠰᠦᠨ ᠰᠢᠭᠠᠷᠤ᠂ ᠨᠡᠭᠦᠷᠡᠰᠦᠨ ᠦᠨᠡᠰᠦ᠂ ᠱᠦᠶᠨᠢ᠂  ᠵᠤᠭᠠᠩ᠂ ᠡᠯᠡᠰᠦᠷᠬᠡᠭ ᠰᠢᠷᠣᠶ ᠵᠡᠷᠭᠡ ᠠᠮᠠᠷᠬᠠᠨ ᠲᠣᠭᠤᠰᠣ ᠳᠡᠭᠳᠡᠬᠦ ᠪᠣᠳᠠᠰ ᠤᠨ ᠮᠠᠲ᠋ᠧᠷᠢᠶᠠᠯ ᠢ ᠬᠠᠳᠠᠭᠠᠯᠠᠬᠤ ᠳᠠᠭᠠᠨ ᠨᠢᠭᠲᠠ ᠪᠢᠳᠡᠭᠦᠮᠵᠢᠯᠡᠬᠦ ᠬᠡᠷᠡᠭᠲᠡᠢ᠃  ᠬᠡᠷᠪᠡ ᠨᠢᠭᠲᠠ ᠪᠢᠲᠡᠭᠦᠮᠵᠢᠯᠡᠵᠦ ᠪᠣᠯᠬᠤ ᠦᠭᠡᠢ ᠪᠣᠯ᠂ ᠪᠣᠬᠢᠷ ᠪᠣᠳᠠᠰ ᠤᠨ ᠥᠨᠳᠥᠷ ᠤᠨ ᠬᠡᠮᠵᠢᠶ᠎ᠡ ᠠᠴᠠ ᠳᠣᠤᠷ᠎ᠠ ᠦᠭᠡᠢ ᠨᠢᠭᠲᠠ ᠴᠢᠩᠭ᠎ᠠ ᠬᠦᠷᠢᠶᠡᠯᠡᠨ ᠬᠠᠰᠢᠬᠤ ᠬᠡᠷᠡᠭᠲᠡᠶ ᠪᠥᠭᠡᠳ ᠪᠦᠲᠦᠮᠵᠢᠲᠡᠶ ᠪᠦᠷᠬᠦᠭᠦᠯᠬᠦ ᠠᠷᠭ᠎ᠠ ᠬᠡᠮᠵᠢᠶ᠎ᠡ ᠠᠪᠴᠤ ᠳᠡᠭᠳᠡᠮᠡᠯ ᠲᠣᠭᠤᠰᠣ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠡᠷᠡᠭᠲᠡᠶ᠃︾  ᠭᠡᠬᠦ ᠲᠤᠭᠲᠠᠭᠠᠯ ᠢ ᠵᠦᠷᠢᠴᠡᠵᠡᠢ᠃     ᠮᠠᠨ ᠤ ᠲᠣᠪᠴᠢᠶ᠎ᠠ 2019 ᠣᠨ ᠤ 6 ᠳ᠋ᠤᠭᠠᠷ ᠰᠠᠷ᠎ᠠ ᠶᠢᠨ 9᠎ ᠤ ᠡᠳᠦᠷ ︽ᠤᠯᠠᠭᠠᠨᠬᠠᠳᠠ ᠬᠤᠲᠠ ᠶᠢᠨ ᠶᠤᠸᠠᠨ  ᠪᠤᠤ ᠱᠠᠨ ᠲᠣᠭᠤᠷᠢᠭ  ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠎ ᠤ  ᠰᠢᠢᠳᠬᠡᠯ ᠲᠣᠷᠭᠠᠭᠤᠯᠢ ᠳᠤ ᠤᠷᠢᠳᠴᠢᠯᠠᠨ ᠮᠡᠳᠡᠭᠳᠡᠬᠦ ᠪᠢᠴᠢᠭ︾ ︵ᠶᠤᠸᠠᠨ  ᠣᠷᠴᠢᠨ ᠮᠡᠳᠡᠭᠳᠡᠬᠦ ᠥᠰᠥᠭ ﹇2019﹈ 20  ᠳ᠋ᠤᠭᠠᠷ ᠲᠣᠭᠠᠲᠤ︶ ᠪᠠ ︽ᠤᠯᠠᠭᠠᠨᠬᠠᠳᠠ ᠬᠤᠲᠠ ᠶᠢᠨ ᠶᠤᠸᠠᠨ  ᠪᠤᠤ ᠱᠠᠨ ᠲᠣᠭᠤᠷᠢᠭ  ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ  ᠰᠢᠢᠳᠬᠡᠯ ᠲᠣᠷᠭᠠᠭᠤᠯᠢ ᠶᠢᠨ ᠭᠡᠷᠡᠴᠢᠯᠡᠭᠡ ᠰᠣᠨᠣᠰᠬᠤ ᠶᠢ ᠮᠡᠳᠡᠭᠳᠡᠬᠦ ᠪᠢᠴᠢᠭ︾ ︵ᠶᠤᠸᠠᠨ  ᠣᠷᠴᠢᠨ  ᠰᠣᠨᠣᠰᠬᠤ ᠥᠰᠥᠭ ﹇2019﹈ 20 ᠳ᠋ᠤᠭᠠᠷ ᠲᠣᠭᠠᠲᠤ︶᠎ ᠢᠶᠠᠷ ᠲᠠᠨ  ᠤ ᠨᠢᠭᠡᠴᠢ ᠳᠤ ᠲᠣᠭᠠᠴᠢᠨ ᠲᠣᠳᠣᠷᠬᠠᠶᠢᠯᠠᠬᠤ ᠡᠷᠬᠡ ᠪᠠ ᠭᠡᠷᠡᠴᠢᠯᠡᠭᠡ ᠰᠣᠨᠣᠰᠬᠤ ᠎ ᠶᠢ ᠭᠤᠶᠤᠴᠢᠯᠠᠬᠤ ᠡᠷᠬᠡ ᠲᠠᠢ ᠭᠡᠵᠦ ᠮᠡᠳᠡᠭᠳᠡᠪᠡ᠃ ᠲᠠᠨ  ᠤ ᠨᠢᠭᠡᠴᠢ ᠲᠣᠭᠲᠠᠭᠰᠠᠨ ᠬᠤᠭᠤᠴᠠᠭᠠᠨ ᠳᠣᠲᠣᠷ᠎ᠠ ᠪᠢᠴᠢᠭ  ᠮᠠᠲ᠋ᠧᠷᠢᠶᠠᠯ ᠤᠨ ᠲᠣᠭᠠᠴᠢᠯᠲᠠ ᠬᠢᠵᠦ ᠵᠥᠪᠲᠡᠭᠡᠨ ᠲᠣᠳᠣᠷᠬᠠᠶᠢᠯᠠᠭᠰᠠᠨ ᠦᠭᠡᠢ ᠪᠥᠭᠡᠳ ᠭᠡᠷᠡᠴᠢᠯᠡᠭᠡ ᠰᠣᠨᠣᠰᠬᠤ ᠭᠤᠶᠤᠴᠢᠯᠠᠯ ᠴᠤ ᠳᠤᠷᠠᠳᠤᠭᠰᠠᠨ ᠦᠭᠡᠢ᠃    《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ 》᠎ ᠶᠢᠨ ᠵᠠᠭᠤ ᠠᠷᠪᠠᠨ ᠳᠣᠯᠣᠳᠤᠭᠠᠷ ᠵᠦᠶᠯ ᠤᠨ ( ᠨᠢᠭᠡ ) ᠳ᠋ᠦ᠋ᠭᠡᠷ ᠵᠤᠷᠪᠤᠰ ᠪᠣᠯᠬᠤ《 ᠨᠡᠭᠦᠷᠡᠰᠦ᠂ ᠨᠡᠭᠦᠷᠡᠰᠦᠨ ᠴᠢᠯᠠᠭᠤ᠂ ᠨᠡᠭᠦᠷᠡᠰᠦᠨ ᠰᠢᠭᠠᠷᠤ᠂ ᠨᠡᠭᠦᠷᠡᠰᠦᠨ ᠦᠨᠡᠰᠦ᠂ ᠱᠦᠶᠨᠢ᠂ ᠴᠠᠷᠳᠠᠭᠤᠯ᠂ ᠵᠤᠭᠠᠩ᠂ ᠡᠯᠡᠰᠦ ᠰᠢᠷᠣᠶ ᠵᠡᠷᠭᠡ ᠠᠮᠠᠷᠬᠠᠨ ᠲᠣᠭᠤᠰᠣ ᠳᠡᠭᠳᠡᠬᠦ ᠪᠣᠳᠠᠰ ᠤᠨ ᠮᠠᠲ᠋ᠧᠷᠢᠶᠠᠯ ᠢ ᠨᠢᠭᠲᠠ ᠪᠢᠲᠡᠭᠦᠮᠵᠢᠯᠡᠭᠰᠡᠨ ᠦᠭᠡᠢ  ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ‍ᠤᠨ‌ᠣᠷᠳᠣᠨ ᠤ ᠣᠷᠴᠢᠨ  ᠲᠤᠭᠤᠷᠢᠨ ᠤ ᠬᠠᠮᠠᠭᠠᠯᠠᠯᠲᠠ ᠵᠡᠷᠭᠡ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠵᠠᠷᠯᠢᠭᠳᠠᠨ ᠵᠠᠯᠠᠷᠠᠭᠤᠯᠤᠭᠤᠯᠵᠤ᠂ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃ ᠵᠠᠯᠠᠷᠠᠭᠤᠯᠬᠤ ᠶᠢ ᠲᠡᠪᠴᠢᠭᠰᠡᠨ  ᠪᠠᠶᠢᠪᠠᠯ ᠵᠠᠷᠯᠢᠭᠳᠠᠵᠤ ᠪᠠᠶᠢᠭᠠᠳ ᠴᠡᠭᠴᠡᠯᠡᠨ ᠵᠠᠰᠠᠭᠤᠯᠬᠤ ᠪᠤᠶᠤ ᠠᠵᠢᠯ ᠢ ᠨᠢ ᠵᠣᠭᠰᠣᠭᠠᠵᠤ ᠴᠡᠭᠴᠡᠯᠡᠨ ᠵᠠᠰᠠᠭᠤᠯᠬᠤ ᠬᠡᠷᠡᠭᠲᠡᠶ᠃︾ ᠭᠡᠬᠦ ᠲᠣᠭᠲᠠᠭᠠᠯ  ᠢ ᠦᠨᠳᠦᠰᠦᠯᠡᠵᠦ᠂ ᠮᠠᠨ ᠤ ᠲᠣᠪᠴᠢᠶ᠎ᠠ ᠲᠠᠨ  ᠤ ᠨᠢᠭᠡᠴᠢ ᠳᠤ ᠳᠣᠤᠷᠠᠬᠢ ᠮᠡᠲᠦ ᠵᠠᠰᠠᠭ ᠵᠠᠬᠢᠷᠭᠠᠨ ᠤ ᠰᠢᠢᠳᠬᠡᠯ ᠥᠭᠬᠦ ᠪᠠᠷ ᠲᠣᠭᠲᠠᠪᠠ᠄     ᠠᠷᠠᠳ ᠤᠨ ᠵᠣᠭᠤᠰ ᠲᠠᠪᠤᠨ ᠲᠦᠮᠡᠨ ᠲᠥᠭᠦᠷᠢᠭ ᠪᠦᠬᠦᠯᠢ 50 , 000.00 ᠎ ᠪᠠᠷ ᠲᠣᠷᠭᠠᠨ᠎ᠠ᠃     ᠲᠤᠰ ᠰᠢᠢᠳᠬᠡᠯ ᠢ ᠣᠯᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠵᠢᠭᠠᠨ ᠲᠣᠭᠲᠠᠭᠠᠭᠰᠠᠨ ᠪᠠᠩᠬᠢ ᠳᠤ ᠲᠤᠰᠢᠶᠠᠬᠤ ᠬᠡᠷᠡᠭᠲᠡᠶ᠃ ᠬᠤᠭᠤᠴᠠᠭ᠎ᠠ ᠬᠡᠲᠦᠷᠡᠲᠡᠯ᠎ᠡ ᠲᠣᠷᠭᠠᠭᠤᠯᠢ ᠶᠢᠨ ᠵᠣᠭᠤᠰ ᠢ ᠲᠤᠰᠢᠶᠠᠭᠰᠠᠨ ᠦᠭᠡᠢ  ᠪᠠᠶᠢᠪᠠᠯ᠂ 《 ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ  ᠤᠨ ᠵᠠᠰᠠᠭ ᠵᠠᠬᠢᠷᠭᠠᠨ ᠤ  ᠰᠢᠢᠳᠬᠡᠯ ᠤᠨ ᠬᠠᠤᠯᠢ 》᠎ ᠶᠢᠨ ᠲᠠᠪᠢᠨ ᠨᠢᠭᠡᠳᠦᠭᠡᠷ ᠵᠦᠢᠯ ᠤᠨ ( ᠨᠢᠭᠡ ) ᠳ᠋ᠦ᠋ᠭᠡᠷ ᠵᠤᠷᠪᠤᠰ ᠤᠨ ᠲᠣᠭᠲᠠᠭᠠᠯ  ᠢ ᠦᠨᠳᠦᠰᠦᠯᠡᠨ᠂ ᠡᠳᠦᠷ ᠪᠦᠷᠢ ᠲᠣᠷᠭᠠᠭᠤᠯᠢ ᠶᠢᠨ ᠵᠣᠭᠤᠰ ᠤᠨ ᠲᠣᠭᠠᠨ ᠤ ᠵᠠᠭᠤᠨ ᠤ ᠭᠤᠷᠪᠠ ᠪᠠᠷ  ᠲᠣᠷᠭᠠᠬᠤ ᠎ ᠪᠠᠷ ᠨᠡᠮᠡᠵᠦ  ᠰᠢᠢᠳᠬᠡᠨ᠎ᠡ᠃     ᠵᠣᠭᠤᠰ ᠬᠤᠷᠢᠶᠠᠬᠤ ᠪᠠᠩᠬᠢ᠄ ᠳᠤᠮᠳᠠᠳᠤ ᠤᠯᠤᠰ  ᠤᠨ ᠪᠠᠩᠬᠢ ᠶᠢᠨ ᠶᠤᠸᠠᠨ   ᠪᠤᠤ ᠱᠠᠨ ᠲᠣᠭᠤᠷᠢᠭ  ᠤᠨ ᠰᠠᠯᠪᠤᠷᠢ ᠪᠠᠩᠬᠢ    ᠡᠷᠦᠬᠡ ᠶᠢᠨ ᠨᠡᠷ᠎ᠡ᠄ ᠤᠯᠠᠭᠠᠨᠬᠠᠳᠠ ᠬᠤᠲᠠ ᠶᠢᠨ ᠶᠤᠸᠠᠨ  ᠪᠤᠤ ᠱᠠᠨ ᠲᠣᠭᠤᠷᠢᠭ  ᠤᠨ ᠣᠷᠴᠢᠨ ᠲᠣᠭᠤᠷᠢᠨ ᠎ ᠤ ᠬᠠᠮᠠᠭᠠᠯᠠᠯᠲᠠ ᠶᠢᠨ ᠲᠣᠪᠴᠢᠶ᠎ᠠ    ᠳᠠᠩᠰᠠᠨ ᠨᠣᠮᠧᠷ᠄ 150800911581    ᠲᠠᠨ  ᠤ ᠨᠢᠭᠡᠴᠢ ᠬᠡᠷᠪᠡ ᠲᠤᠰ  ᠰᠢᠢᠳᠬᠡᠯ ᠤᠨ ᠲᠣᠭᠲᠠᠭᠠᠯ  ᠢ ᠵᠥᠪᠰᠢᠶᠡᠷᠡᠬᠦ ᠥᠬᠡᠶ ᠪᠣᠯ᠂ ᠲᠤᠰ  ᠰᠢᠢᠳᠬᠡᠯ ᠤᠨ ᠲᠣᠭᠲᠠᠭᠠᠯ  ᠤᠨ ᠪᠢᠴᠢᠭ ᠢ ᠣᠯᠤᠭᠰᠠᠨ ᠡᠳᠦᠷ ᠠᠴᠠ ᠡᠬᠢᠯᠡᠨ ᠵᠢᠷᠠᠨ ᠡᠳᠦᠷ ᠤᠨ ᠳᠣᠲᠣᠷ᠎ᠠ ᠶᠤᠸᠠᠨ ᠪᠤᠤ ᠱᠠᠨ ᠲᠣᠭᠤᠷᠢᠭ  ᠤᠨ ᠠᠷᠠᠳ ᠤᠨ ᠵᠠᠰᠠᠭ  ᠤᠨ ᠣᠷᠳᠣᠨ ᠪᠤᠶᠤ ᠤᠯᠠᠭᠠᠨᠬᠠᠳᠠ ᠬᠤᠲᠠ ᠶᠢᠨ ᠠᠮᠢ ᠠᠬᠤᠢ  ᠣᠷᠴᠢᠨ ᠲᠣᠭᠤᠷᠢᠨ ᠤ ᠲᠣᠪᠴᠢᠶ᠎ᠠ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠵᠤ ᠪᠣᠯᠤᠨ᠎ᠠ᠂  ᠪᠠᠰᠠ‌ᠵᠢᠷᠭᠤᠭᠠᠨ ᠰᠠᠷ᠎ᠠ ᠶᠢᠨ ᠳᠣᠲᠣᠷ᠎ᠠ ᠶᠤᠸᠠᠨ  ᠪᠤᠤ ᠱᠠᠨ ᠲᠣᠭᠤᠷᠢᠭ  ᠤᠨ ᠠᠷᠠᠳ ᠤᠨ ᠰᠢᠭᠦᠬᠦ ᠬᠤᠷᠢᠶ᠎ᠠ ᠳᠤ ᠵᠠᠰᠠᠭ ᠵᠠᠬᠢᠷᠭᠠᠨ ᠤ ᠵᠠᠭᠠᠯᠳᠤᠯᠭ᠎ᠠ ᠭᠠᠷᠭᠠᠭᠰᠠᠨ ᠴᠤ ᠪᠣᠯᠤᠨ᠎ᠠ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠤᠶᠤ ᠵᠠᠰᠠᠭ ᠵᠠᠬᠢᠷᠭᠠᠨ ᠤ ᠵᠠᠭᠠᠯᠳᠤᠯᠭ᠎ᠠ ᠭᠠᠷᠭᠠᠬᠤ ᠳᠤ ᠵᠠᠰᠠᠭ ᠵᠠᠬᠢᠷᠭᠠᠨ ᠤ  ᠰᠢᠢᠳᠬᠡᠯ ᠤᠨ ᠲᠣᠭᠲᠠᠭᠠᠯ  ᠢ ᠬᠡᠷᠡᠭᠵᠢᠭᠦᠯᠬᠦ ᠶᠢ ᠵᠣᠭᠰᠣᠭᠠᠬᠤ ᠦᠭᠡᠢ᠃    ᠬᠤᠭᠤᠴᠠᠭ᠎ᠠ ᠬᠡᠲᠦᠷᠡᠲᠡᠯ᠎ᠡ ᠵᠠᠰᠠᠭ ᠵᠠᠬᠢᠷᠭᠠᠨ ᠤ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠭᠰᠠᠨ ᠦᠭᠡᠢ᠂ ᠵᠠᠰᠠᠭ ᠵᠠᠬᠢᠷᠭᠠᠨ ᠤ ᠵᠠᠭᠠᠯᠳᠤᠯᠭ᠎ᠠ  ᠬᠢᠭᠰᠡᠨ ᠦᠭᠡᠢ ᠪᠥᠭᠡᠳ ᠲᠤᠰ   ᠰᠢᠢᠳᠬᠡᠯ ᠤᠨ ᠲᠣᠭᠲᠠᠭᠠᠯ  ᠢ ᠴᠤ ᠭᠦᠢᠴᠡᠳᠬᠡᠭᠰᠡᠨ ᠦᠭᠡᠢ  ᠪᠠᠶᠢᠪᠠᠯ‌‍ᠯ᠂ ᠮᠠᠨ ᠤ ᠲᠣᠪᠴᠢᠶ᠎ᠠ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠯ ᠭᠠᠷᠭᠠᠵᠤ ᠠᠯᠪᠠᠳᠠᠨ ᠭᠦᠢᠴᠡᠳᠬᠡᠭᠦᠯᠦᠨ᠎ᠡ᠃        ᠤᠯᠠᠭᠠᠨᠬᠠᠳᠠ ᠬᠤᠲᠠ ᠶᠢᠨ ᠶᠤᠸᠠᠨ  ᠪᠤᠣ ᠱᠠᠨ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠎ ᠶᠢᠨ ᠲᠣᠪᠴᠢᠶ᠎ᠠ         2019 ᠣᠨ 6 ᠳ᠋ᠤᠭᠠᠷ ᠰᠠᠷ᠎ᠠ 20᠎ ᠤ ᠡᠳᠦᠷ
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1