| ᠨᠢᠭᠡ᠂ ᠠᠵᠢᠯ ᠤᠨ ᠪᠠᠶᠢᠷᠢ ᠰᠣᠩᠭᠤᠬᠤ ᠵᠠᠷᠴᠢᠮ | ᠠᠵᠢᠯ ᠤᠨ ᠪᠠᠶᠢᠷᠢ ᠰᠣᠩᠭᠤᠬᠤ ᠠᠵᠢᠯ ᠳᠤ 《 ᠢᠯᠡ᠂ ᠡᠷᠬᠡ ᠲᠡᠭᠰᠢ᠂ ᠥᠷᠢᠰᠦᠯᠳᠦᠬᠦ᠂ ᠰᠢᠯᠢᠳᠡᠭ ᠢ | ᠰᠤᠩᠭᠤᠬᠤ 》 ᠵᠠᠷᠴᠢᠮ ᠢ ᠪᠠᠷᠢᠮᠲᠠᠯᠠᠨ᠎ᠠ᠃ | ᠬᠤᠶᠠᠷ᠂ ᠰᠤᠩᠭᠤᠬᠤ ᠠᠵᠢᠯ ᠤᠨ ᠪᠠᠶᠢᠷᠢ | ᠲᠣᠰ ᠤᠳᠠᠭ᠎ᠠ ᠰᠤᠩᠭᠤᠵᠤ ᠪᠤᠯᠬᠤ ᠠᠵᠢᠯ ᠶᠢᠨ ᠪᠠᠶᠢᠷᠢ 184 ᠲᠤᠬᠢᠷᠠᠭᠤᠯᠪᠠ᠂ ᠪᠣᠳᠠᠲᠠᠶ ᠠᠵᠢᠯ ᠶᠢᠨ | ᠪᠠᠶᠢᠷᠢ ᠶᠢ ︽ᠠᠵᠢᠯ ᠶᠢᠨ ᠪᠠᠶᠢᠷᠢ ᠰᠣᠩᠭᠤᠬᠤ ᠠᠵᠢᠯ ᠶᠢᠨ ᠪᠠᠶᠢᠷᠢ ᠶᠢᠨ ᠬᠦᠰᠦᠨᠦᠭᠲᠦ︾ ᠳᠤ ᠨᠠᠷᠢᠨ ᠦᠵᠡᠭᠡᠷᠡᠶ᠃ | | ᠭᠤᠷᠪᠠ᠂ ᠠᠵᠢᠯ ᠤᠨ ᠪᠠᠶᠢᠷᠢ ᠰᠣᠩᠭᠤᠬᠤ ᠬᠥᠮᠦᠰ ᠤᠨ ᠬᠦᠷᠢᠶ᠎ᠡ ᠬᠡᠪᠴᠢᠶ᠎ᠡ ᠵᠢᠴᠢ ᠰᠢᠯᠭᠠᠭᠤᠯᠬᠤ | ᠵᠥᠪᠰᠢᠶᠡᠷᠡᠯ ᠤᠨ ᠦᠨᠡᠮᠯᠡᠯ ᠠᠪᠬᠤ | ᠠᠵᠢᠯ ᠤᠨ ᠪᠠᠶᠢᠷᠢ ᠰᠣᠩᠭᠤᠭᠰᠠᠳ ᠤᠨ ᠬᠡᠪᠴᠢᠶ᠎ᠡ ᠪᠣᠯ᠄ 2003 ᠣᠨ ᠤ 12 ᠳ᠋ᠤᠭᠠᠷ ᠰᠠᠷ᠎ᠠ ᠶᠢᠨ 1 ᠤ | ᠡᠳᠦᠷ ᠠᠴᠠ ᠬᠤᠶᠢᠰᠢ ᠴᠡᠷᠢᠭ ᠠᠴᠠ ᠬᠠᠯᠠᠭᠳᠠᠭᠰᠠᠳ ᠠᠴᠠ 2011 ᠣᠨ ᠤ 11 ᠳ᠋ᠦ᠋ᠭᠡᠷ ᠰᠠᠷ᠎ᠠ ᠶᠢᠨ 1 ᠤ | ᠡᠳᠦᠷ ᠠᠴᠠ ᠡᠮᠦᠨ᠎ᠡ ᠴᠡᠷᠢᠭ ᠲᠤ ᠤᠷᠤᠭᠰᠠᠨ ᠪᠣᠯᠲᠠᠯᠠᠬᠢ ᠲᠠᠷᠢᠶᠠᠯᠠᠩ ᠤᠨ ᠪᠤᠰᠤ ᠡᠷᠦᠬᠡ ᠠᠮᠠ ᠲᠠᠢ | ᠲᠥᠪᠬᠢᠨᠡᠭᠦᠯᠬᠦ ᠺᠠᠷᠲ ᠲᠠᠢ ᠴᠡᠷᠢᠭ ᠤᠨ ᠠᠯᠪᠠᠨ ᠠᠴᠠ ᠪᠠᠭᠤᠭᠰᠠᠳ ᠢ ᠲᠥᠪᠬᠢᠨᠡᠭᠦᠯᠬᠦ ᠶᠢᠨ ᠬᠠᠮᠲᠤ ᠲᠣᠭᠤᠷᠢᠭ | ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠠᠷ ᠬᠢᠨᠠᠨ ᠬᠠᠷᠭᠤᠭᠤᠯᠵᠤ | ᠨᠤᠲᠠᠯᠠᠭᠤᠯᠤᠨ᠎ᠠ᠃ | ᠨᠥᠬᠦᠴᠡᠯ ᠳᠤ ᠨᠡᠶᠢᠴᠡᠬᠦ ᠬᠦᠮᠦᠰ 2019 ᠣᠨ ᠤ 8 ᠰᠠᠷ᠎ᠠ ᠶᠢᠨ 21 ᠤ ᠡᠳᠦᠷ ᠬᠥᠬᠡ ᠳᠡᠪᠢᠰᠬᠡᠷᠲᠦ | 2 ᠢᠮᠠᠬᠤ ᠶᠢᠨ ᠮᠠᠯᠠᠭᠠᠶ ᠥᠬᠡᠶ ᠭᠡᠷᠡᠯ ᠵᠢᠷᠤᠭ 2 ᠬᠤᠪᠢ ᠪᠠ ᠲᠣᠰ ᠬᠥᠮᠦᠨ ᠤ ᠬᠤᠶᠠᠳᠤᠭᠠᠷ ᠦᠶ᠎ᠡ ᠶᠢᠨ ᠪᠡᠶ᠎ᠡ | ᠶᠢᠨ ᠦᠨᠡᠮᠯᠡᠯ᠂ ᠴᠡᠷᠢᠭ ᠠᠴᠠ ᠬᠠᠯᠠᠭᠳᠠᠭᠰᠠᠨ ᠦᠨᠡᠮᠯᠡᠯ ᠢᠶᠠᠨ ᠠᠪᠴᠤ ᠲᠤᠭᠤᠷᠢᠭ ᠤᠨ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠤ ᠬᠦᠷᠴᠦ ᠰᠢᠯᠭᠠᠭᠤᠯᠬᠤ ᠦᠨᠡᠮᠯᠡᠯ ᠠᠪᠬᠤ ᠪᠤᠯᠤᠨ᠎ᠠ᠃ | ᠳᠥᠷᠪᠡ᠂ ᠠᠵᠢᠯ ᠤᠨ ᠪᠠᠶᠢᠷᠢ ᠰᠣᠩᠭᠤᠬᠤ ᠬᠡᠷᠡᠭᠵᠢᠭᠦᠯᠬᠦ ᠲᠥᠰᠦᠯ ᠢ ᠨᠡᠶᠢᠲᠡᠯᠡᠨ᠎ᠡ | ᠲᠣᠰ ᠤᠳᠠᠭᠠᠨ ᠤ ᠠᠵᠢᠯ ᠤᠨ ᠪᠠᠶᠢᠷᠢ ᠰᠣᠩᠭᠤᠬᠤ ᠬᠡᠷᠡᠭᠵᠢᠭᠦᠯᠬᠦ ᠲᠥᠰᠦᠯ ᠢ ᠶᠤᠸᠠᠨ ᠪᠤᠤ ᠱᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠳᠤ ᠢᠯᠡ ᠪᠠᠷ ᠨᠡᠶᠢᠲᠡᠯᠡᠨ᠎ᠡ᠃ | ᠲᠠᠪᠤ᠂ ᠠᠵᠢᠯ ᠤᠨ ᠪᠠᠶᠢᠷᠢ ᠰᠣᠩᠭᠤᠬᠤ ᠰᠢᠯᠭᠠᠯᠲᠠ | ᠠᠵᠢᠯ ᠤᠨ ᠪᠠᠶᠢᠷᠢ ᠶᠢᠨ ᠰᠢᠯᠭᠠᠯᠲᠠ ᠶᠢ ᠪᠢᠷ ᠤᠨ ᠰᠢᠯᠭᠠᠯᠲᠠ ᠶᠢᠨ ᠬᠡᠯᠪᠡᠷᠢ ᠪᠠᠷ ᠶᠠᠪᠤᠭᠳᠠᠭᠤᠯᠤᠨ᠎ᠠ᠃ | 1 ᠂ ᠰᠢᠯᠭᠠᠬᠤ ᠠᠭᠤᠯᠭ᠎ᠠ᠄ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠤᠨ ᠰᠠᠭᠤᠷᠢ ᠮᠡᠳᠡᠯᠭᠡ᠂ ᠴᠠᠭ | ᠤᠨ ᠪᠠᠶᠢᠳᠠᠯ ᠤᠯᠤᠰ ᠲᠥᠷᠥ᠃ | 2᠂ ᠰᠢᠯᠭᠠᠯᠲᠠ ᠶᠢᠨ ᠴᠠᠭ : 2019 ᠣᠨ ᠤ 8 ᠰᠠᠷ᠎ᠠ ᠶᠢᠨ 23 ᠤ ᠡᠳᠦᠷ᠃ ᠪᠤᠳᠠᠲᠠᠢ ᠴᠠᠭ ᠪᠠ | ᠭᠠᠵᠠᠷ ᠤᠷᠤᠨ ᠢ ᠰᠢᠯᠭᠠᠭᠤᠯᠬᠤ ᠦᠨᠡᠮᠯᠡᠯ ᠢᠶᠠᠷ ᠪᠠᠷᠢᠮᠵᠢᠶ᠎ᠠ ᠪᠤᠯᠭᠠᠨ᠎ᠠ᠃ ᠰᠢᠯᠭᠠᠭᠤᠯᠤᠭᠰᠠᠳ ᠰᠢᠯᠭᠠᠭᠤᠯᠬᠤ | ᠦᠨᠡᠮᠯᠡᠯ ᠪᠠ ᠪᠡᠶ᠎ᠡ ᠶᠢᠨ ᠦᠨᠡᠮᠯᠡᠯ ᠤᠨ ᠠᠪᠴᠤ ᠰᠢᠯᠭᠠᠯᠲᠠ ᠳᠤ ᠤᠷᠤᠯᠴᠠᠨ᠎ᠠ᠃ ᠬᠡᠷᠪᠡ ᠲᠣᠭᠲᠠᠭᠰᠠᠨ ᠴᠠᠭ ᠲᠠᠭᠠᠨ | ᠰᠢᠯᠭᠠᠯᠲᠠ ᠳᠤ ᠤᠷᠤᠯᠴᠠᠭᠰᠠᠨ ᠦᠭᠡᠢ ᠪᠣᠯ ᠠᠵᠢᠯ ᠤᠨ ᠪᠠᠶᠢᠷᠢ ᠪᠠᠨ ᠥᠪᠡᠷ ᠢᠶᠠᠷ ᠬᠠᠶᠠᠭᠰᠠᠨ ᠢᠶᠠᠷ ᠦᠵᠡᠨ᠎ᠡ᠃ | | 3 ᠂ ᠰᠢᠯᠭᠠᠯᠲᠠ ᠳᠠᠭᠤᠰᠤᠭᠰᠠᠨ ᠤ ᠳᠠᠷᠠᠭ᠎ᠠ ᠲᠤᠬᠠᠶ ᠶᠢᠨ ᠲᠠᠯᠠᠪᠠᠢ ᠳᠤ ᠰᠢᠯᠭᠠᠯᠲᠠ ᠶᠢ ᠦᠵᠡᠵᠦ᠂ ᠲᠤᠬᠠᠶ | ᠶᠢᠨ ᠲᠠᠯᠠᠪᠠᠢ ᠳᠤ ᠬᠢᠷᠢ ᠪᠦᠲᠦᠮᠵᠢ ᠶᠢ ᠨᠡᠶᠢᠲᠡᠯᠡᠨ᠎ᠡ᠃ ᠰᠢᠯᠭᠠᠯᠲᠠ ᠶᠢᠨ ᠬᠢᠷᠢ ᠪᠦᠲᠦᠮᠵᠢ ᠠᠳᠠᠯᠢᠬᠠᠨ ᠪᠣᠯ | ᠤᠷᠢᠳᠠᠪᠡᠷ ᠴᠡᠷᠢᠭ ᠲᠤ ᠤᠷᠤᠭᠰᠠᠳ ᠢ ᠤᠷᠢᠳᠴᠢᠯᠠᠨ ᠪᠤᠳᠤᠯᠬᠢᠯᠠᠨ᠎ᠠ᠃ ᠬᠡᠷᠪᠡ ᠪᠠᠰᠠᠠᠳᠠᠯᠢᠳᠬᠠᠵᠤ ᠳᠡᠶᠢᠯᠬᠦ | ᠦᠭᠡᠢ ᠪᠣᠯ ᠴᠡᠷᠢᠭ ᠤᠨ ᠠᠯᠪᠠᠨ ᠳᠤ ᠶᠠᠪᠤᠭᠰᠠᠨ ᠬᠤᠭᠤᠴᠠᠭ᠎ᠠ ᠶᠢᠨ ᠤᠷᠲᠤ ᠤᠬᠤᠷ ᠪᠤᠶᠤ ᠲᠠᠬᠢᠨ ᠨᠡᠮᠡᠯᠲᠡ | ᠰᠢᠯᠭᠠᠯᠲᠠ ᠬᠢᠬᠦ ᠠᠷᠭ᠎ᠠ ᠪᠠᠷ ᠰᠢᠯᠭᠠᠷᠠᠭᠤᠯᠤᠨ᠎ᠠ᠃ | ᠵᠢᠷᠭᠤᠭ᠎ᠠ᠂ ᠢᠯᠡ ᠪᠠᠷ ᠠᠵᠢᠯ ᠤᠨ ᠪᠠᠶᠢᠷᠢ ᠰᠣᠩᠭᠤᠬᠤ | ᠰᠢᠯᠭᠠᠭᠰᠠᠨ ᠬᠢᠷᠢ ᠪᠦᠲᠦᠮᠵᠢ ᠶᠢᠨ ᠳᠡᠭᠡᠷ᠎ᠡ ᠠᠴᠠ ᠳᠤᠷᠤᠭᠰᠢ ᠳᠠᠷᠠᠭᠠᠯᠠᠯ ᠢᠶᠠᠷ ︽ᠠᠵᠢᠯ ᠶᠢᠨ ᠪᠠᠶᠢᠷᠢ ᠶᠢᠨ | ᠬᠦᠰᠦᠨᠦᠭᠲᠦ︾ ᠳᠤ ᠨᠡᠶᠢᠲᠡᠯᠡᠭᠰᠡᠨ ᠠᠵᠢᠯ ᠶᠢᠨ ᠪᠠᠶᠢᠷᠢ ᠶᠢ ᠰᠢᠭᠤᠳ ᠰᠤᠩᠭᠤᠨ᠎ᠠ᠃ | ᠳᠣᠯᠤᠭ᠎ᠠ᠂ ᠤᠷᠢᠵᠤ ᠬᠡᠷᠡᠭᠯᠡᠬᠦ | ᠠᠵᠢᠯ ᠤᠨ ᠪᠠᠶᠢᠷᠢ ᠶᠢ ᠰᠣᠩᠭᠤᠭᠰᠠᠨ ᠦᠷ᠎ᠡ ᠳ᠋ᠦᠩ ᠢ ᠶᠤᠸᠠᠨ ᠪᠤᠤ ᠱᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠰᠦᠯᠵᠢᠶ᠎ᠡ ᠳᠤ 5 ᠠᠵᠢᠯᠯᠠᠬᠤ ᠡᠳᠦᠷ ᠨᠡᠶᠢᠲᠡᠯᠡᠵᠦ᠂ ᠨᠡᠶᠢᠲᠡᠯᠡᠭᠰᠡᠨ ᠬᠤᠭᠤᠴᠠᠭ᠎ᠠ ᠨᠢ | ᠳᠦᠭᠦᠷᠦᠭᠡᠳ ᠣᠨᠳᠣᠤ ᠰᠠᠨᠠᠯ ᠦᠭᠡᠢ ᠪᠣᠯ ᠠᠵᠢᠯ ᠤᠨ ᠪᠠᠶᠢᠷᠢ ᠶᠢ ᠰᠣᠩᠭᠤᠭᠰᠠᠨ ᠦᠷ᠎ᠡ ᠳ᠋ᠦᠩ ᠤᠨ ᠶᠣᠰᠣᠭᠠᠷ | ᠤᠷᠢᠨ ᠬᠡᠷᠡᠭᠯᠡᠬᠦ ᠭᠠᠷᠳᠠᠮ ᠭᠦᠶᠴᠡᠳᠬᠡᠬᠦ ᠬᠡᠷᠡᠭᠲᠡᠶ᠃ | ᠳᠠᠭᠠᠯᠳᠤᠭᠤᠯᠤᠯ᠄ ᠠᠵᠢᠯ ᠤᠨ ᠪᠠᠶᠢᠷᠢ ᠰᠣᠩᠭᠤᠬᠤ ᠠᠵᠢᠯ ᠤᠨ ᠪᠠᠶᠢᠷᠢ ᠶᠢᠨ ᠬᠦᠰᠦᠨᠦᠭᠲᠦ᠃ x l s x | ᠶᠤᠸᠠᠨ ᠪᠤᠤ ᠱᠠᠨ ᠲᠣᠭᠤᠷᠢᠭ ᠤᠨ ᠲᠠᠷᠢᠶᠠᠯᠠᠩ ᠤᠨ ᠪᠤᠰᠤ ᠡᠷᠦᠬᠡ ᠠᠮᠠ ᠶᠢᠨ ᠳᠠᠩᠰᠠ ᠲᠠᠢ ᠲᠥᠪᠬᠢᠨᠡᠭᠦᠯᠬᠦ | ᠺᠠᠷᠲ ᠪᠦᠬᠦᠢ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠤᠨ ᠪᠠᠶᠢᠷᠢᠰᠣᠩᠭᠤᠬᠤ ᠠᠵᠢᠯ ᠤᠨ | ᠤᠳᠤᠷᠢᠳᠬᠤ ᠳᠤᠭᠤᠶᠢᠯᠠᠩ | 2017 ᠣᠨ ᠤ 8 ᠰᠠᠷ᠎ᠠ ᠶᠢᠨ 15 ᠤ ᠡᠳᠦᠷ |