︽ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠪᠠ ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢ ᠲᠠᠢ ᠪᠠᠶᠢᠯᠭᠠᠬᠤ ᠶᠢ ᠰᠠᠶᠢᠵᠢᠷᠠᠭᠤᠯᠬᠤ ᠬᠡᠷᠡᠭᠵᠢᠭᠦᠯᠬᠦ ᠲᠥᠰᠦᠯ︾᠎ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/10/14
     ᠨᠢᠭᠡ᠂ ᠠᠬᠤᠶ ᠪᠠᠶᠢᠳᠠᠯ ᠤᠨ ᠦᠨᠳᠦᠰᠦᠯᠡᠯ    ︽ᠲᠠᠷᠢᠶᠠᠨ ᠭᠠᠵᠠᠷ ᠢ ᠬᠠᠮᠠᠭᠠᠯᠠᠬᠤ ᠪᠠ ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢ ᠲᠠᠢ ᠪᠠᠶᠢᠯᠭᠠᠬᠤ ᠶᠢ ᠰᠠᠶᠢᠵᠢᠷᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ︹ 2017 ︺ 4 ᠳ᠋ᠦᠭᠡᠷ ᠲᠣᠭᠠᠲᠤ︶᠂ ︽ᠲᠠᠷᠢᠶᠠᠨ ᠭᠠᠵᠠᠷ ᠢ ᠬᠠᠮᠠᠭᠠᠯᠠᠬᠤ ᠪᠠ ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢ ᠲᠠᠢ ᠪᠠᠶᠢᠯᠭᠠᠬᠤ ᠶᠢ ᠰᠠᠶᠢᠵᠢᠷᠠᠭᠤᠯᠬᠤ ᠲᠤᠬᠠᠶ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠮᠡᠳᠡᠭᠳᠡᠯ︾ ︵ᠥᠪᠥᠷ ᠨᠠᠮ ᠲᠠᠷᠬᠠᠭᠠᠭᠰᠠᠨ ︹ 2018 ︺ 9 ᠳ᠋ᠦᠭᠡᠷ ᠲᠣᠭᠠᠲᠤ︶᠎ ᠤᠨ ᠵᠣᠷᠢᠭ ᠰᠠᠨᠠᠭ᠎ᠠ ᠪᠠ ᠤᠯᠠᠭᠠᠨᠬᠠᠳᠠ ᠬᠤᠲᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠲᠤᠤᠱᠯᠠᠭᠤᠯᠤᠨ  ᠨᠠᠶᠢᠳᠠᠪᠤᠷᠢᠵᠢᠭᠤᠯᠵᠤ᠂ ᠮᠠᠨ ᠤ  ᠲᠤᠭᠤᠷᠢᠭ ᠤᠨ ᠲᠠᠷᠢᠶᠠᠨ ᠭᠠᠵᠠᠷ ᠢ ᠬᠠᠮᠠᠭᠠᠯᠠᠬᠤ ᠪᠠ ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ  ᠪᠠᠶᠢᠯᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠮᠠᠨ ᠤ  ᠲᠤᠭᠤᠷᠢᠭ ᠤᠨ ᠪᠣᠳᠠᠲᠤ  ᠪᠠᠶᠢᠳᠠᠯ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠬᠤᠶᠠᠷ᠂ ᠶᠡᠷᠦᠩᠬᠡᠢ ᠬᠠᠷᠠᠯᠲᠠ    2020 ᠣᠨ ᠪᠣᠯᠬᠤ ᠳᠤ᠂ ᠪᠦᠬᠦ  ᠲᠤᠭᠤᠷᠢᠭ ᠤᠨ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠎ ᠶᠢ 3.09 ᠲᠦᠮᠡᠨ ᠾᠧᠺᠲ᠋ᠠᠷ ᠠᠴᠠ ᠪᠠᠭ᠎ᠠ ᠦᠭᠡᠢ ᠪᠠᠶᠢᠯᠭᠠᠵᠤ᠂ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠢ ᠎ ᠶᠢ 2.49 ᠲᠦᠮᠡᠨ ᠾᠧᠺᠲ᠋ᠠᠷ ᠠᠴᠠ ᠪᠠᠭ᠎ᠠ  ᠪᠠᠶᠢᠯᠭᠠᠵᠤ ᠪᠣᠯᠬᠤ ᠦᠭᠡᠢ᠃ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠢᠶᠠᠷ  ᠳᠡᠭᠡᠭᠰᠢᠯᠡᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠪᠠ ᠡᠵᠡᠯᠡᠬᠦ ᠨᠥᠬᠦᠪᠥᠷᠢᠯᠡᠬᠦ ᠶᠢ  ᠲᠡᠩᠴᠡᠭᠦᠷᠢ ᠲᠠᠢ ᠪᠠᠶᠢᠯᠭᠠᠬᠤ ᠲᠥᠷᠥ ᠶᠢᠨ  ᠪᠣᠳᠣᠯᠭ᠎ᠠ ᠶᠢᠨ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠠᠮᠠᠭᠠᠯᠠᠯᠲᠠ ᠶᠢ ᠨᠠᠩ ᠬᠦᠴᠦᠲᠡᠶ᠂  ᠬᠡᠷᠡᠭᠵᠢᠭᠦᠯᠦᠯᠲᠡ ᠶᠢ ᠨᠠᠩ ᠰᠢᠯᠤᠭᠤᠬᠠᠨ᠂ ᠬᠠᠮᠢᠶᠠᠷᠤᠯᠲᠠ ᠶᠢ ᠨᠠᠩ ᠥᠨᠳᠥᠷ ᠪᠦᠲᠦᠮᠵᠢᠲᠡᠶ ᠪᠣᠯᠭᠠᠭᠰᠠᠨ ᠲᠠᠷᠢᠶᠠᠨ ᠭᠠᠵᠠᠷ ᠢ ᠬᠠᠮᠠᠭᠠᠯᠠᠬᠤ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃      ᠭᠤᠷᠪᠠ᠂ ᠭᠤᠤᠯ ᠡᠭᠦᠷᠭᠡ    1᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠶᠢ ᠴᠢᠩᠳᠠᠯᠠᠨ᠎ᠠ᠃    2᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠳᠠᠯᠠᠨ᠎ᠠ᠃    3᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠳᠠᠬᠢ ᠬᠢᠵᠠᠭᠠᠷᠯᠠᠯ ᠢ ᠴᠢᠩᠭᠠᠳᠬᠠᠨ᠎ᠠ᠃    4. ᠭᠠᠵᠠᠷ ᠰᠢᠷᠣᠶ ᠶᠢᠨ ᠲᠥᠯᠥᠪᠵᠢᠭᠦᠯᠭᠡ ᠶᠢᠨ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃     5  ᠂ ᠭᠠᠵᠠᠷ ᠰᠢᠷᠣᠶ ᠶᠢᠨ ᠬᠡᠷᠡᠭᠴᠡᠭᠡ ᠶᠢᠨ ᠵᠠᠬᠢᠷᠤᠨ ᠬᠠᠮᠢᠶᠠᠷᠤᠯᠲᠠ ᠶᠢ ᠴᠢᠩᠭᠠᠳᠬᠠᠨ᠎ᠠ᠃     6  ᠂  ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠶᠢ ᠲᠦᠯᠬᠢᠨ ᠠᠬᠢᠭᠤᠯᠤᠨ᠎ᠠ᠃    7᠂ ᠬᠠᠮᠲᠤ ᠶᠢᠨ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ︽ᠲᠠᠷᠢᠶᠠᠯᠠᠩ ᠤᠨ ᠪᠤᠰᠤ ᠪᠣᠯᠭᠠᠬᠤ︾᠎ ᠶᠢ ᠴᠢᠩᠭ᠎ᠠ  ᠰᠡᠷᠭᠡᠶᠢᠯᠡᠨ᠎ᠡ᠃    8  ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ  ᠲᠡᠩᠴᠡᠭᠦᠷᠢ ᠲᠠᠢ ᠪᠠᠶᠢᠯᠭᠠᠬᠤ ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠤᠨ᠎ᠠ᠃    9᠂ ᠭᠠᠵᠠᠷ ᠰᠢᠷᠣᠶ ᠶᠢ ᠴᠡᠭᠴᠡᠯᠡᠨ ᠵᠠᠰᠠᠬᠤ ᠶᠢ ᠶᠡᠬᠡᠪᠡᠷ ᠬᠡᠷᠡᠭᠵᠢᠭᠦᠯᠦᠨ᠎ᠡ᠃    10᠂ ᠲᠠᠷᠢᠶᠠᠨ ᠭᠠᠵᠠᠷ ᠢ ᠨᠥᠬᠦᠪᠥᠷᠢᠯᠡᠨ ᠪᠠᠶᠢᠴᠠᠭᠠᠵᠤ ᠰᠢᠯᠭᠠᠨ ᠠᠪᠬᠤ ᠶᠢ ᠴᠢᠩᠳᠠᠯᠠᠨ᠎ᠠ᠃    11᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ  ᠳᠤᠲᠤᠷᠬᠠᠶᠢᠯᠠᠨ᠎ᠠ᠃    12᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃    13᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃    14᠂ ᠲᠠᠷᠢᠶᠠᠨ ᠭᠠᠵᠠᠷ ᠤᠨ ᠶᠠᠰᠤ ᠴᠢᠨᠠᠷ ᠢ ᠪᠠᠶᠢᠴᠠᠭᠠᠵᠤ ᠬᠢᠨᠠᠨ ᠬᠡᠮᠵᠢᠬᠦ ᠪᠠ ᠦᠨᠡᠯᠡᠬᠦ ᠶᠢ ᠠᠬᠢᠭᠤᠯᠤᠨ᠎ᠠ᠃    15᠂ ᠲᠠᠷᠢᠶᠠᠨ ᠭᠠᠵᠠᠷ ᠤᠨ ᠨᠥᠭᠡᠴᠡ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ  ᠠᠰᠢᠭᠯᠠᠨ᠎ᠠ᠃    16᠂ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠬᠠᠮᠢᠶᠠᠷᠤᠯᠲᠠ ᠶᠢ ᠬᠠᠶᠢᠨ ᠰᠦᠪᠡᠭᠴᠢᠯᠡᠨ᠎ᠡ᠃    17᠂ ᠲᠠᠷᠢᠶᠠᠨ ᠭᠠᠵᠠᠷ ᠢ ᠬᠠᠮᠠᠭᠠᠯᠠᠵᠤ ᠨᠥᠬᠦᠪᠥᠷᠢᠯᠡᠬᠦ ᠲᠣᠭᠲᠠᠴᠠ ᠶᠢ ᠪᠠᠶᠢᠭᠤᠯᠤᠨ᠎ᠠ᠃     ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃    ︵ᠬᠤᠶᠠᠷ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠤᠨ᠎ᠠ᠃    ︵ᠭᠤᠷᠪᠠ︶ ᠭᠠᠵᠠᠷ ᠰᠢᠷᠣᠶ ᠶᠢᠨ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠶᠢ ᠴᠢᠩᠭᠠᠷᠠᠭᠤᠯᠤᠨ᠎ᠠ᠃    ︵ᠳᠥᠷᠪᠡ︶ ᠬᠠᠷᠢᠭᠤᠴᠠᠯᠭ᠎ᠠ ᠶᠢᠨ ᠬᠠᠷᠠᠯᠲᠠ ᠶᠢ ᠰᠢᠯᠭᠠᠨ ᠬᠢᠨᠠᠬᠤ ᠲᠦᠷᠢᠮ ᠢ ᠲᠡᠭᠦᠯᠳᠡᠷᠵᠢᠭᠦᠯᠦᠨ᠎ᠡ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1