︽2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ  ᠤᠷᠤᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠤᠨ ᠬᠡᠷᠡᠭᠵᠢᠭᠦᠯᠬᠦ ᠲᠥᠰᠦᠯ︾᠎ ᠤᠨ ᠲᠤᠬᠠᠶ ᠲᠥᠷᠥ ᠶᠢᠨ ᠪᠣᠳᠣᠯᠭ᠎ᠠ ᠶᠢᠨ  ᠲᠠᠶᠢᠯᠤᠮᠵᠢ
ᠨᠡᠶᠢᠲᠡᠯᠡᠭᠰᠡᠨ ᠴᠠᠭ᠄
2020/10/14
   ︽ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠤᠯᠠᠭᠠᠨᠬᠠᠳᠠ ᠡᠮᠴᠢᠯᠡᠭᠡᠨ ᠤ ᠳᠠᠭᠠᠳᠬᠠᠯ ᠤᠨ ᠠᠯᠪᠠᠨ ᠲᠠᠷᠬᠠᠭᠠᠭᠰᠠᠨ ︹ 2020 ︺ 43 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠶᠤᠸᠠᠨ ᠪᠦᠦ ᠱᠠᠨ ᠲᠣᠭᠤᠷᠢᠭ 2020 ᠣᠨ ᠤ 9 ᠰᠠᠷ᠎ᠠ ᠶᠢᠨ 1᠎ ᠤ ᠡᠳᠦᠷ ᠠᠴᠠ 2021 ᠣᠨ ᠤ ᠬᠤᠲᠠ ᠬᠥᠳᠡᠭᠡ ᠶᠢᠨ  ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠢ  ᠡᠬᠢᠯᠡᠭᠦᠯᠦᠨ᠎ᠡ᠃ ᠤᠳᠤ ᠠᠵᠢᠯ ᠤᠨ ᠬᠡᠷᠡᠭᠵᠢᠭᠦᠯᠬᠦ ᠲᠥᠰᠦᠯ ᠤᠨ ᠲᠤᠬᠠᠶ ᠳᠣᠤᠷᠠᠬᠢ ᠮᠡᠲᠦ ᠲᠠᠶᠢᠯᠪᠤᠷᠢᠯᠠᠶ᠎ᠠ᠄      ᠨᠢᠭᠡ᠂ ᠠᠵᠢᠯ ᠤᠨ ᠬᠠᠷᠠᠯᠲᠠ     ᠬᠥᠮᠦᠨ ᠪᠦᠬᠦᠨ ᠦᠨᠳᠦᠰᠦᠨ ᠡᠮᠨᠡᠯᠭᠡ ᠶᠢᠨ ᠪᠠᠲᠤᠯᠠᠭ᠎ᠠ ᠬᠦᠷᠲᠡᠬᠦ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ  ᠪᠠᠶᠢᠭᠤᠯᠬᠤ ᠲᠤᠭ᠎ᠠ ᠪᠦᠷᠢᠳᠬᠡᠯ ᠤᠨ ᠬᠢᠨᠠᠨ ᠬᠡᠮᠵᠢᠬᠦ  ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠣᠰᠣᠭᠠᠷ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95%᠎ ᠠᠴᠠ ᠳᠡᠭᠡᠭᠰᠢ  ᠬᠦᠷᠬᠦ ᠶᠢ ᠦᠨᠡᠨᠬᠦ  ᠪᠠᠲᠤᠯᠠᠨ᠎ᠠ᠃   ᠬᠤᠶᠠᠷ᠂ ᠲᠠᠲᠠᠪᠤᠷᠢᠯᠠᠨ ᠲᠤᠰᠢᠶᠠᠬᠤ ᠪᠠᠷᠢᠮᠵᠢᠶ᠎ᠠ ᠪᠠ ᠦᠷᠭᠦᠯᠵᠢᠯᠡᠨ  ᠰᠦᠢᠳᠬᠡᠯ ᠲᠤᠰᠢᠶᠠᠬᠤ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ    ︵ᠨᠢᠭᠡ︶ ᠰᠦᠶ᠋ᠳᠬᠡᠯ ᠲᠤᠰᠢᠶᠠᠬᠤ ᠪᠠᠷᠢᠮᠵᠢᠶ᠎ᠠ    1  ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠤᠯᠠᠭᠠᠨᠬᠠᠳᠠ ᠬᠤᠲᠠ ᠶᠢᠨ 2021 ᠣᠨ ᠤ  ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ  ᠰᠦᠢᠳᠬᠡᠯ ᠲᠤᠰᠢᠶᠠᠬᠤ ᠪᠠᠷᠢᠮᠵᠢᠶ᠎ᠠ ᠶᠢ 305 ᠲᠥᠭᠦᠷᠢᠭ ᠢᠶᠠᠷ ᠲᠣᠭᠲᠠᠭᠠᠪᠠ᠃ ᠨᠢᠯᠬ᠎ᠠ ᠬᠡᠤᠬᠡᠳ ᠤᠨ ᠡᠷᠦᠬᠡ ᠠᠮᠠ ᠶᠢᠨ ᠪᠠᠶᠢᠭ᠎ᠠ ᠭᠠᠵᠠᠷ ᠲᠤ ᠳᠠᠭᠠᠳᠬᠠᠯ ᠳᠤ ᠣᠷᠣᠯᠴᠠᠭᠰᠠᠨ ᠪᠣᠯ ᠡᠯ᠎ᠡ  ᠱᠠᠲᠤᠨ ᠤ ᠡᠳ᠋ ᠤᠨ ᠵᠠᠰᠠᠭ ᠨᠢ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠠᠳᠠᠯᠢ ᠪᠠᠷᠢᠮᠵᠢᠶ᠎ᠠ ᠶᠣᠰᠣᠭᠠᠷ ᠲᠤᠰᠠᠯᠠᠮᠵᠢ ᠣᠯᠭᠤᠬᠤ ᠬᠡᠷᠡᠭᠲᠡᠶ᠃   2᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ︵A ᠲᠥᠷᠥᠯ᠂ B ᠲᠥᠷᠥᠯ︶ ᠪᠣᠯᠤᠨ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠪᠦᠬᠦ ᠲᠤᠭ᠎ᠠ ᠪᠠᠷ  ᠰᠦᠢᠳᠬᠡᠯ ᠲᠤᠰᠢᠶᠠᠭᠰᠠ  ᠤ ᠳᠠᠷᠠᠭ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠵᠣᠬᠢᠬᠤ ᠨᠥᠬᠦᠪᠥᠷᠢ ᠣᠯᠭᠤᠬᠤ ᠬᠡᠷᠡᠭᠲᠡᠶ᠃ ᠲᠠᠪᠤᠨ ᠪᠠᠲᠤᠯᠠᠭᠠᠲᠤ ᠡᠷᠦᠬᠡ᠂ ᠭᠤᠷᠪᠠ ᠦᠭᠡᠢ ᠬᠥᠮᠦᠨ᠂ ᠥᠨᠥᠴᠢᠨ ᠬᠡᠤᠬᠡᠳ ᠢ ᠤᠯᠤᠰ ᠠᠴᠠ ᠡᠮᠨᠡᠯᠭᠡ ᠶᠢᠨ  ᠳᠠᠭᠠᠳᠬᠠᠯ ᠢ ᠣᠷᠣᠯᠠᠨ ᠲᠤᠰᠢᠶᠠᠨ᠎ᠠ᠃    ︵ᠬᠤᠶᠠᠷ︶ ᠦᠷᠭᠦᠯᠵᠢᠯᠡᠨ  ᠰᠦᠢᠳᠬᠡᠯ ᠲᠤᠰᠢᠶᠠᠬᠤ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ   1᠂ 2019 ᠣᠨ ᠠᠴᠠ ᠡᠬᠢᠯᠡᠨ᠂ ᠲᠤᠰ ᠬᠤᠲᠠ ᠶᠢᠨ ᠬᠡᠪᠴᠢᠶᠡᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ  ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ᠂ ᠦᠷᠭᠦᠯᠵᠢᠯᠡᠨ ᠰᠦᠢᠳᠬᠡᠯ ᠲᠤᠰᠢᠶᠠᠭᠠᠳ ᠪᠦᠬᠦᠯᠢ 3 ᠵᠢᠯ ᠪᠣᠯᠤᠭᠰᠠᠨ ᠳᠠᠭᠠᠳᠬᠠᠯ ᠳᠤ ᠣᠷᠣᠯᠴᠠᠭᠰᠠᠳ ᠨᠢ ᠬᠡᠪ ᠤᠨ  ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ  ᠪᠠᠶᠢᠳᠠᠯ ᠳᠤ ᠨᠡᠶᠢᠴᠡᠭᠰᠡᠨ  ᠪᠠᠶᠢᠪᠠᠯ᠂ ᠭᠤᠷᠪᠠᠳᠤᠭᠠᠷ ᠵᠢᠯ ᠠᠴᠠ ᠡᠬᠢᠯᠡᠨ ᠲᠣᠭᠲᠠᠭᠠᠯ ᠳᠤ ᠨᠡᠶᠢᠴᠡᠭᠰᠡᠨ ᠬᠤᠶᠠᠳᠤᠭᠠᠷ᠂ ᠭᠤᠷᠪᠠᠳᠤᠭᠠᠷ ᠳᠡᠰ ᠤᠨ  ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠵᠤ ᠡᠮᠨᠡᠭᠦᠯᠬᠦ ︵ᠡᠮᠨᠡᠯᠭᠡ ᠳᠤ ᠰᠠᠭᠤᠬᠤ ᠬᠠᠮᠢᠶᠠᠷᠤᠯᠲᠠ ᠶᠢᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠪᠠᠭᠲᠠᠨ᠎ᠠ︶ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠯ᠎ᠡ ᠱᠠᠲᠤᠨ ᠤ ᠲᠠᠩᠰᠠ ᠲᠠᠶᠢᠯᠬᠤ ᠬᠠᠷᠢᠴᠠᠯ ᠢ 3%᠎ ᠪᠠᠷ  ᠳᠡᠭᠡᠭᠰᠢᠯᠡᠭᠦᠯᠦᠨ᠎ᠡ᠃ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ  ᠰᠢᠢᠳᠬᠡᠯ ᠲᠤᠰᠢᠶᠠᠬᠤ ᠪᠠᠨ ᠲᠠᠰᠤᠯᠤᠭᠰᠠᠨ ᠤ ᠳᠠᠷᠠᠭ᠎ᠠ  ᠳᠠᠭᠠᠳᠬᠠᠯ ᠳᠤ ᠣᠷᠣᠯᠴᠠᠵᠤ  ᠰᠦᠢᠳᠬᠡᠯ ᠲᠤᠰᠢᠶᠠᠬᠤ ᠪᠠᠨ ᠳᠠᠬᠢᠨᠲᠠ ᠭ᠊ ᠭᠦᠢᠴᠡᠳᠬᠡᠭᠰᠡᠨ ᠪᠣᠯ᠂ ᠦᠷᠭᠦᠯᠵᠢᠯᠡᠨ ᠰᠦᠢᠳᠬᠡᠯ  ᠲᠤᠰᠢᠶᠠᠬᠤ ᠴᠠᠭ ᠬᠤᠭᠤᠴᠠᠭ᠎ᠠ ᠶᠢ ᠳᠠᠬᠢᠨ ᠰᠢᠨ᠎ᠡ ᠪᠠᠷ ᠪᠤᠳᠤᠬᠤ ᠬᠡᠷᠡᠭᠲᠡᠶ᠃    2᠂  ᠬᠦᠨᠳᠦ ᠡᠪᠡᠳᠴᠢᠨ ᠤ ᠳᠠᠭᠠᠳᠬᠠᠯ᠂  ᠡᠪᠡᠴᠢᠳᠲᠡᠨ ᠤ ᠣᠷᠣ ᠶᠢᠨ ᠡᠳᠦᠷ ᠢᠶᠠᠷ ᠵᠠᠷᠤᠳᠠᠯ ᠲᠤᠰᠢᠶᠠᠬᠤ᠂ ᠳᠠᠩ ᠡᠪᠡᠳᠴᠢᠨ ᠤ ᠲᠥᠷᠥᠯ ᠎ ᠢᠶᠠᠷ ᠲᠠᠰᠤᠯᠠᠨ ᠪᠣᠳᠣᠬᠤ᠂ ᠴᠢᠰᠤ ᠨᠡᠪᠲᠡᠷᠡᠭᠦᠯᠦᠨ ᠢᠯᠭᠠᠷᠠᠭᠤᠯᠬᠤ᠂ ᠤᠳᠠᠭᠠᠨ ᠴᠢᠨᠠᠷᠲᠠᠢ ᠮᠥᠬᠦᠯᠢᠭᠲᠦ ᠡᠰ ᠤᠨ ᠴᠢᠰᠤ ᠴᠠᠶᠢᠬᠤ ᠡᠪᠡᠳᠴᠢᠨ ᠵᠡᠷᠭᠡ ᠪᠣᠢ ᠪᠦᠬᠦᠢ ᠳᠠᠩᠰᠠ ᠲᠠᠶᠢᠯᠬᠤ ᠠᠷᠭ᠎ᠠ ᠬᠡᠯᠪᠡᠷᠢ᠂ ᠳᠠᠩᠰᠠ ᠲᠠᠶᠢᠯᠬᠤ ᠬᠠᠷᠢᠴᠠᠯ ᠳᠤ ᠣᠨᠴᠠᠭᠠᠢ ᠲᠣᠭᠲᠠᠭᠠᠯ ᠲᠠᠢ  ᠪᠠᠶᠢᠳᠠᠭ᠃ ᠵᠠᠯᠭᠠᠭ᠎ᠠ ᠪᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠳᠡᠭᠡᠭᠰᠢᠯᠡᠭᠦᠯᠬᠦ ᠬᠡᠪᠴᠢᠶᠡᠨ ᠳᠣᠲᠣᠷ᠎ᠠ  ᠪᠠᠶᠢᠬᠤ ᠦᠭᠡᠢ᠃     ᠭᠤᠷᠪᠠ᠂ ᠲᠠᠲᠠᠪᠤᠷᠢᠯᠠᠨ ᠲᠤᠰᠢᠶᠠᠬᠤ ᠬᠤᠭᠤᠴᠠᠭ᠎ᠠ   2021 ᠣᠨ ᠎ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ  ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠲᠥᠪᠯᠡᠷᠡᠭᠦᠯᠦᠨ  ᠲᠤᠰᠢᠶᠠᠬᠤ ᠬᠤᠭᠤᠴᠠᠭ᠎ᠠ ᠨᠢ 2020 ᠣᠨ ᠤ 9 ᠰᠠᠷ᠎ᠠ ᠶᠢᠨ 1᠎ ᠤ ᠡᠳᠦᠷ ᠠᠴᠠ  ᠡᠬᠢᠯᠡᠵᠦ᠂ 2020 ᠣᠨ ᠤ 12 ᠰᠠᠷ᠎ᠠ ᠶᠢᠨ 31᠎ ᠤ ᠡᠳᠦᠷ  ᠳᠠᠭᠤᠰᠤᠨ᠎ᠠ᠃ ᠲᠥᠷᠥ ᠶᠢᠨ ᠪᠣᠳᠣᠯᠭ᠎ᠠ ᠶᠢᠨ ᠰᠦᠢᠳᠬᠡᠯ ᠲᠤᠰᠢᠶᠠᠬᠤ ᠬᠤᠭᠤᠴᠠᠭ᠎ᠠ ᠨᠢ 2021 ᠣᠨ ᠤ 2 ᠰᠠᠷ᠎ᠠ ᠶᠢᠨ ᠰᠡᠭᠦᠯᠴᠢ  ᠪᠤᠯᠲᠠᠯ᠎ᠠ᠃     ᠳᠥᠷᠪᠡ᠂ ᠲᠠᠲᠠᠪᠤᠷᠢᠯᠠᠨ ᠲᠤᠰᠢᠶᠠᠬᠤ ᠠᠷᠭ᠎ᠠ ᠮᠠᠶ᠋ᠢᠭ     1. ᠳᠠᠭᠠᠳᠬᠠᠯ ᠳᠤ ᠪᠦᠬᠦᠯᠢ ᠡᠷᠦᠬᠡ ᠪᠠᠷ ᠨᠢ ᠣᠷᠣᠯᠴᠠᠬᠤ     2. ᠡᠷᠦᠬᠡ ᠠᠮᠠ ᠶᠢᠨ ᠳᠡᠪᠲᠡᠷ᠂ ᠪᠠᠩᠬᠢ ᠶᠢᠨ ᠺᠠᠷᠲ ᠢᠶᠠᠨ ᠠᠪᠴᠤ ᠰᠠᠭᠤᠭ᠎ᠠ ᠭᠠᠵᠠᠷ ᠤᠨ ᠣᠶᠢᠷ᠎ᠠ ᠬᠠᠪᠢ ᠶᠢᠨ  ᠲᠤᠰᠬᠤᠨ ᠤ ᠵᠥᠪᠯᠡᠯ᠂ ᠰᠠᠭᠤᠭᠠᠯᠢ ᠠᠷᠠᠳ ᠤᠨ ᠵᠥᠪᠯᠡᠯ  ᠳᠤ ᠬᠦᠷᠴᠦ ᠲᠤᠰᠢᠶᠠᠨ᠎ᠠ᠃     ᠲᠠᠪᠤ᠂ ᠠᠵᠢᠯ ᠤᠨ ᠲᠣᠬᠢᠷᠠᠭᠤᠯᠤᠯᠲᠠ    1  ᠲᠠᠶᠢᠴᠢᠯᠠᠨ ᠪᠠᠶᠢᠷᠢᠯᠠᠭᠤᠯᠬᠤ ᠱᠠᠲᠤ ᠦᠶ᠎ᠡ ︵2020 ᠣᠨ ᠤ 9 ᠰᠠᠷ᠎ᠠ ᠶᠢᠨ 1᠎ ᠤ ᠡᠳᠦᠷ ᠠᠴᠠ 9 ᠰᠠᠷ᠎ᠠ ᠶᠢᠨ 15᠎ ᠤ ᠡᠳᠦᠷ︶2  ᠂ ᠲᠥᠪᠯᠡᠷᠡᠭᠦᠯᠦᠨ ᠲᠠᠲᠠᠪᠤᠷᠢᠯᠠᠨ ᠲᠤᠰᠢᠶᠠᠬᠤ ᠱᠠᠲᠤ ᠦᠶ᠎ᠡ ︵2020 ᠣᠨ ᠤ 9 ᠳ᠋ᠦᠭᠡᠷ ᠰᠠᠷ᠎ᠠ ᠶᠢᠨ 15᠎ ᠤ ᠡᠳᠦᠷ — 2020 ᠣᠨ ᠤ 12 ᠳ᠋ᠤᠭᠠᠷ ᠰᠠᠷ᠎ᠠ ᠶᠢᠨ 30᠎ ᠤ ᠡᠳᠦᠷ︶3  ᠂ ᠲᠥᠷᠥ ᠶᠢᠨ ᠪᠣᠳᠣᠯᠭ᠎ᠠ ᠶᠢᠨ ᠰᠦᠢᠳᠬᠡᠯ ᠲᠤᠰᠢᠶᠠᠬᠤ ᠱᠠᠲᠤ ᠦᠶ᠎ᠡ ︵2020 ᠣᠨ ᠤ 12 ᠳ᠋ᠤᠭᠠᠷ ᠰᠠᠷ᠎ᠠ ᠶᠢᠨ 31᠎ ᠤ ᠡᠳᠦᠷ — 2021 ᠣᠨ ᠤ 2 ᠳ᠋ᠤᠭᠠᠷ ᠰᠠᠷ᠎ᠠ ᠶᠢᠨ 28᠎ ᠤ ᠡᠳᠦᠷ︶     ᠵᠢᠷᠭᠤᠭ᠎ᠠ᠂ ᠠᠵᠢᠯ ᠤᠨ ᠱᠠᠭᠠᠷᠳᠠᠯᠭ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠎ᠠ᠃    ︵ᠬᠤᠶᠠᠷ︶ ᠳᠠᠭᠠᠳᠬᠠᠯ ᠟ ᠲᠤ ᠣᠷᠣᠯᠴᠠᠬᠤ ᠬᠥᠮᠦᠰ  ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠬᠤ ᠬᠡᠷᠡᠭᠲᠡᠢ᠃    ︵ᠭᠤᠷᠪᠠ︶ ᠭᠤᠤᠯᠳᠠᠯᠭ᠎ᠠ ᠲᠠᠢ ᠬᠠᠮᠲᠤᠯᠢᠭ ᠤᠨ ᠳᠠᠭᠠᠳᠬᠠᠯ ᠳᠤ ᠣᠷᠣᠯᠴᠠᠬᠤ ᠶᠢ ᠲᠤᠪᠤᠶᠢᠮ᠎ᠠ ᠰᠠᠶᠢᠲᠤᠷ ᠠᠳᠬᠤᠨ᠎ᠠ᠃    ︵ ᠳᠥᠷᠪᠡ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠨ᠎ᠡ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1