ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠨᠢᠭᠡᠴᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠢᠳᠡᠭᠡᠨ ᠤ ᠠᠮᠤᠷ ᠲᠦᠪᠰᠢᠨ ᠤ  ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2020/12/18
   ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠲᠠ  ᠲᠤᠭᠤᠷᠢᠭ ᠳᠠᠬᠢ ᠬᠤᠷᠢᠮ  ᠨᠠᠶᠢᠷ ᠤᠨ ᠳᠠᠶᠢᠯᠠᠯᠭ᠎ᠠ᠂ ᠲᠥᠷᠥᠭᠰᠡᠨ ᠡᠳᠦᠷ ᠤᠨ ᠳᠠᠶᠢᠯᠠᠯᠭ᠎ᠠ ᠶᠢ ᠳᠠᠭᠠᠭᠠᠨ  ᠡᠷᠬᠢᠯᠡᠬᠦ ᠲᠣᠮᠣ ᠳᠤᠮᠳᠠ ᠬᠡᠯᠪᠡᠷᠢ ᠶᠢᠨ ᠬᠤᠭᠤᠯᠠᠨ ᠭᠡᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠦᠢᠲᠡᠨ ᠬᠡᠯᠬᠢᠶᠡᠲᠦ ᠢᠳᠡᠭᠡᠨ ᠤ ᠠᠮᠤᠷ ᠲᠦᠪᠰᠢᠨ ᠤ ᠡᠯ᠎ᠡ  ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠳᠤ ᠴᠢᠭᠯᠡᠭᠦᠯᠦᠨ ᠪᠠᠶᠢᠴᠠᠭᠠᠯᠲᠠ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠬᠡᠪᠰᠢᠭᠰᠡᠨ ᠠᠬᠤᠶ ᠪᠠᠶᠢᠳᠠᠯ ᠳᠣᠤᠷᠠᠬᠢ ᠢᠳᠡᠭᠡᠨ ᠤᠮᠳᠠᠭᠠᠨ ᠤ ᠨᠢᠭᠡᠴᠡ ᠶᠢᠨ ᠬᠢᠨᠠᠨ ᠬᠠᠮᠢᠶᠠᠷᠬᠤ ᠠᠵᠢᠯ ᠢ  ᠰᠠᠶᠢᠲᠤᠷ ᠬᠢᠵᠡᠶ᠃ ᠢᠳᠡᠭᠡᠨ ᠤᠮᠳᠠᠭᠠᠨ ᠤ ᠨᠢᠭᠡᠴᠡ ᠶᠢ ᠵᠠᠪᠰᠢᠬᠤ ᠰᠡᠳᠬᠢᠮᠵᠢ᠂ ᠮᠢᠨᠴᠦᠭᠦᠷᠡᠬᠦ ᠦᠵᠡᠯ ᠰᠠᠨᠠᠭ᠎ᠠ᠂  ᠬᠠᠰᠢᠷᠠᠬᠤ ᠰᠡᠳᠬᠢᠯᠭᠡ ᠪᠣᠯᠤᠨ ᠰᠤᠯᠠᠷᠠᠬᠤ ᠰᠡᠳᠬᠢᠯᠭᠡ ᠶᠢ ᠡᠷᠡᠰ ᠲᠡᠪᠴᠢᠬᠦ ᠬᠡᠷᠡᠭᠲᠡᠶ᠃ ᠢᠳᠡᠭᠡᠨ ᠤᠮᠳᠠᠭᠠᠨ ᠤ ᠨᠢᠭᠡᠴᠡ ᠶᠢᠨ ᠡᠯ᠎ᠡ  ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ  ᠢᠳᠡᠭᠡᠨ ᠤ ᠠᠮᠤᠷ ᠲᠦᠪᠰᠢᠨ ᠤ ᠠᠵᠢᠯ ᠤᠨ ᠱᠠᠭᠠᠷᠳᠠᠯᠭ᠎ᠠ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃
   ᠪᠠᠶᠢᠴᠠᠭᠠᠬᠤ ᠶᠠᠪᠤᠴᠠ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠬᠤᠷᠢᠮ  ᠨᠠᠶᠢᠷ᠂ ᠲᠥᠷᠥᠭᠰᠡᠨ ᠡᠳᠦᠷ ᠤᠨ ᠨᠠᠶᠢᠷ ᠢ ᠳᠠᠭᠠᠭᠠᠨ ᠭᠦᠢᠴᠠᠡᠳᠬᠡᠬᠦ ᠲᠣᠮᠣ ᠳᠤᠮᠳᠠ ᠬᠡᠯᠪᠡᠷᠢ ᠶᠢᠨ ᠵᠣᠴᠢᠳ ᠤᠨ ᠪᠠᠭᠤᠳᠠᠯ ᠳᠤ ᠠᠵᠢᠯᠲᠠᠨ ᠤ ᠬᠠᠮᠢᠶᠠᠷᠤᠯᠲᠠ ᠪᠠᠨ  ᠴᠢᠩᠭᠠᠳᠬᠠᠵᠤ᠂ ᠪᠦᠬᠦ ᠲᠠᠯ᠎ᠠ ᠪᠠᠷ ᠠᠮᠠᠪᠴᠢ ᠵᠡᠭᠦᠬᠦ ᠬᠡᠷᠡᠭᠲᠡᠶ ᠭᠡᠵᠦ ᠱᠠᠭᠠᠷᠳᠠᠪᠠ︔ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠲᠠᠯᠠᠪᠤᠷ ᠤᠨ ᠠᠭᠠᠷ ᠤᠨ ᠭᠦᠢᠯᠭᠡᠭᠡ ᠶᠢ ᠪᠠᠲᠤᠯᠠᠬᠤ ᠬᠡᠷᠡᠭᠲᠡᠶ︔ ᠲᠦᠭᠦᠬᠡᠶ ᠮᠠᠲ᠋ᠧᠷᠢᠶᠠᠯ ᠤᠨ ᠬᠠᠮᠢᠶᠠᠷᠤᠯᠲᠠ ᠶᠢᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠪᠠ ᠭᠡᠷᠡᠴᠢ ᠪᠠᠷᠢᠮᠲᠠ ᠠᠪᠬᠤ ᠳᠦᠷᠢᠮ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠬᠦᠶ᠋ᠲᠡᠨ ᠬᠡᠯᠬᠢᠶᠡᠲᠦ ᠢᠳᠡᠭᠡᠨ ᠢ ᠭᠤᠤᠯᠳᠠᠯᠭ᠎ᠠ ᠲᠠᠢ ᠪᠠᠶᠢᠴᠠᠭᠠᠵᠤ᠂  ᠪᠣᠭᠤᠮᠲᠠ ᠶᠢᠨ ᠬᠢᠵᠢᠭ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ ᠦᠭᠡᠶ᠂ ᠪᠥᠭᠡᠮ ᠬᠦᠴᠢᠯ ᠤᠨ ᠪᠠᠶᠢᠴᠠᠭᠠᠨ ᠬᠡᠮᠵᠢᠭᠰᠡᠨ ᠭᠡᠷᠡᠴᠢ ᠦᠭᠡᠶ᠂ ᠠᠷᠢᠭᠤᠳᠬᠠᠬᠤ ᠭᠡᠷᠡᠴᠢ ᠦᠭᠡᠶ᠂ ᠪᠠᠷᠠᠭ᠎ᠠ ᠣᠷᠣᠭᠤᠯᠤᠭᠰᠠᠨ ᠫᠢᠶᠣᠣ ᠪᠠᠷᠢᠮᠲᠠ ᠥᠬᠡᠶ  ᠬᠦᠢᠲᠡᠨ ᠬᠡᠯᠬᠢᠶᠡᠲᠦ ᠢᠳᠡᠭᠡᠨ ᠢ ᠬᠤᠳᠠᠯᠳᠤᠨ ᠠᠪᠬᠤ ᠶᠢ ᠴᠠᠭᠠᠵᠠᠯᠠᠬᠤ ᠬᠡᠷᠡᠭᠲᠡᠶ︔ ᠢᠷᠡᠯᠲᠡ ᠨᠢ ᠲᠣᠳᠣᠷᠬᠠᠶ ᠦᠭᠡᠶ ᠢᠳᠡᠭᠡᠨ ᠤ ᠮᠠᠲ᠋ᠧᠷᠢᠶᠠᠯ ᠪᠠ ᠲᠤᠬᠠᠶ ᠶᠢᠨ ᠲᠠᠯᠠᠪᠠᠶ ᠳᠤ ᠠᠮᠢᠳᠤ ᠵᠢᠭᠦᠷᠲᠡᠨ ᠢ ᠠᠯᠠᠵᠤ ᠨᠢᠲᠤᠯᠬᠤ ᠶᠢ ᠴᠠᠭᠠᠵᠠᠯᠠᠵᠤ᠂ ᠬᠡᠭᠡᠷ᠎ᠡ ᠶᠢᠨ ᠠᠮᠲᠠᠲᠤ ᠢᠳᠡᠭᠡᠨ  ᠦᠢᠯᠡᠳᠴᠦ ᠬᠤᠳᠠᠯᠳᠤᠬᠤ ᠶᠢ ᠴᠢᠩᠭ᠎ᠠ  ᠴᠠᠭᠠᠵᠠᠯᠠᠨ᠎ᠠ︔ ᠲᠥᠬᠦᠭᠡᠷᠦᠮᠵᠢ ᠪᠠᠭᠠᠵᠢ ᠬᠡᠷᠡᠭᠰᠡᠯ ᠢ ᠴᠡᠪᠡᠷᠯᠡᠨ ᠤᠬᠢᠶᠠᠬᠤ ᠳᠠᠪᠲᠠᠮᠵᠢ ᠶᠢ ᠨᠡᠮᠡᠭᠳᠡᠭᠦᠯᠵᠦ᠂ ᠲᠠᠯᠠᠪᠤᠷ ᠭᠠᠵᠠᠷ ᠪᠠ ᠲᠥᠬᠦᠭᠡᠷᠦᠮᠵᠢ ᠪᠠᠭᠠᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠨ᠎ᠠ︔ ᠶᠠᠩᠵᠤ ᠦᠯᠡᠳᠡᠭᠡᠬᠦ ᠪᠠᠷᠢᠮᠵᠢᠶ᠎ᠠ ᠶᠣᠰᠣᠭᠠᠷ ᠢᠳᠡᠭᠡᠨ ᠤ ᠲᠥᠷᠥᠯ ᠵᠦᠢᠯ ᠪᠠ ᠲᠤᠭ᠎ᠠ ᠬᠡᠮᠵᠢᠶ᠎ᠡ ᠶᠢ ᠭᠦᠢᠴᠡᠳ  ᠦᠯᠡᠳᠡᠭᠡᠵᠦ᠂ ᠶᠠᠩᠵᠤ ᠦᠯᠡᠳᠡᠭᠡᠬᠦ ᠬᠡᠮᠵᠢᠶ᠎ᠡ ᠶᠢ 125g᠎ ᠠᠴᠠ ᠳᠤᠲᠠᠭᠤ ᠦᠭᠡᠶ ᠪᠠᠶᠢᠯᠭᠠᠬᠤ ᠶᠢ ᠪᠠᠲᠤᠯᠠᠵᠤ᠂ ᠬᠥᠯᠳᠡᠭᠡᠨ ᠬᠠᠳᠠᠭᠠᠯᠠᠬᠤ ᠶᠢ 48 ᠴᠠᠭ ᠠᠴᠠ ᠳᠡᠭᠡᠭᠰᠢ ᠪᠠᠲᠤᠯᠠᠵᠤ᠂ ᠵᠢᠷᠤᠮᠵᠢᠭᠤᠯᠤᠨ ᠠᠵᠢᠯᠯᠠᠭᠤᠯᠬᠤ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠡᠢ᠃    ᠡᠭᠦᠨ ᠠᠴᠠ ᠭᠠᠳᠠᠨ᠎ᠠ᠂ ᠪᠠᠶᠢᠴᠠᠭᠠᠬᠤ ᠠᠵᠢᠯᠲᠠᠳ ᠪᠠᠰᠠ ᠡᠵᠡᠩᠨᠡᠯᠲᠡ ᠶᠢᠨ ᠲᠠᠯᠠᠪᠤᠷ ᠭᠠᠵᠠᠷ ᠤᠨ ᠰᠠᠯᠬᠢ ᠨᠡᠪᠲᠡᠷᠡᠭᠦᠯᠬᠦ ᠠᠷᠢᠭᠤᠳᠬᠠᠭᠰᠠᠨ ᠪᠠᠶᠢᠳᠠᠯ᠂ ᠠᠯᠪᠠᠨ ᠤ ᠰᠢᠨᠠᠭ᠎ᠠ ᠨᠡᠶᠢᠲᠡ ᠶᠢᠨ ᠰᠠᠪᠬ᠎ᠠ ᠲᠣᠬᠢᠷᠠᠭᠤᠯᠤᠭᠰᠠᠨ ᠪᠠᠶᠢᠳᠠᠯ ᠵᠢᠴᠢ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠪᠡ᠃ ᠣᠳᠣᠬᠠᠨ ᠪᠣᠯᠲᠠᠯ᠎ᠠ᠂ ᠲᠤᠰ ᠲᠣᠪᠴᠢᠶ᠎ᠠ ᠨᠡᠶᠢᠲᠡ 15 ᠢᠳᠡᠭᠡᠨ ᠤᠮᠳᠠᠭᠠᠨ ᠤ ᠨᠢᠭᠡᠴᠢ ᠶᠢ ᠪᠠᠶᠢᠴᠠᠭᠠᠵᠤ᠂ 36  ᠬᠦᠮᠦᠨ ᠤᠳᠠᠭ᠎ᠠ ᠬᠠᠤᠯᠢ ᠬᠡᠷᠡᠭᠵᠢᠭᠦᠯᠬᠦ ᠠᠵᠢᠯᠲᠠᠨ ᠢ ᠠᠵᠢᠯᠯᠠᠭᠤᠯᠪᠠ᠃ ᠪᠠᠶᠢᠴᠠᠭᠠᠬᠤ ᠠᠵᠢᠯᠲᠠᠳ ᠲᠤᠬᠠᠶ ᠶᠢᠨ ᠲᠠᠯᠠᠪᠠᠶ ᠳᠤ ᠢᠯᠡᠷᠡᠭᠦᠯᠦᠭᠰᠡᠨ ᠠᠰᠠᠭᠤᠳᠠᠯ ᠤᠨ ᠲᠤᠬᠠᠶ ᠢᠳᠡᠭᠡᠨ  ᠤᠮᠳᠠᠭᠠᠨ ᠤ ᠨᠢᠭᠡᠴᠡ ᠶᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠪᠠ ᠢᠳᠡᠭᠡᠨ ᠤ ᠠᠮᠤᠷ ᠲᠦᠪᠰᠢᠨ ᠤ ᠡᠯ᠎ᠡ  ᠵᠦᠢᠯ ᠤᠨ ᠠᠵᠢᠯ ᠤᠨ ᠱᠠᠭᠠᠷᠳᠠᠯᠭ᠎ᠠ ᠶᠢ  ᠴᠢᠩᠭ᠎ᠠ ᠨᠠᠶᠢᠳᠠᠪᠤᠷᠢᠵᠢᠭᠤᠯᠬᠤ ᠶᠢ ᠱᠠᠭᠠᠷᠳᠠᠵᠠᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠪᠰᠢᠭᠰᠡᠨ ᠠᠬᠤᠶ  ᠪᠠᠶᠢᠳᠠᠯ ᠳᠣᠤᠷ᠎ᠠ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃    
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1