ᠶᠤᠸᠠᠨ ᠪᠦᠦ ᠱᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠵᠤ ᠠᠬᠤᠶᠢᠯᠠᠯ ᠳᠤ ᠨᠠᠷᠢᠯᠢᠭ ᠣᠨᠣᠴᠠᠲᠠᠶ ᠪᠠᠷ  ᠦᠢᠯᠡᠴᠢᠯᠡᠵᠦ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2020/12/18
       12 ᠰᠠᠷ᠎ᠠ ᠶᠢᠨ 16᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠰᠢᠨᠵᠢᠯᠡᠭᠡ ᠮᠡᠷᠭᠡᠵᠢᠯ ᠤᠨ ᠲᠣᠪᠴᠢᠶ᠎ᠠ ᠠᠴᠠ ᠰᠢᠨᠵᠢᠯᠡᠭᠡ ᠮᠡᠷᠭᠡᠵᠢᠯ ᠢᠶᠠᠷ  ᠦᠪᠦᠷ ᠮᠣᠩᠭᠤᠯ ᠢ ᠬᠥᠭᠵᠢᠭᠦᠯᠬᠦ ᠠᠵᠢᠯᠯᠠᠭ᠎ᠠ ᠶᠢᠨ ᠲᠣᠭᠤᠷᠢᠨ ᠳᠤ ᠬᠠᠮᠢᠶ᠎ᠠ ᠪᠦᠬᠦᠢ ᠬᠠᠷᠢᠭᠤᠴᠠᠯᠭᠠᠲᠠᠳ  ᠦᠢᠯᠡᠴᠢᠯᠡᠭᠡᠨ ᠤ ᠳᠤᠭᠤᠶᠢᠯᠠᠩ ᠢᠶᠠᠨ ᠳᠠᠭᠠᠭᠤᠯᠤᠨ ᠠᠵᠤ ᠠᠬᠤᠶᠢᠯᠠᠯ ᠳᠤ ᠭᠦᠨᠵᠡᠭᠡᠶᠢᠷᠡᠨ  ᠦᠢᠯᠡᠴᠢᠯᠡᠭᠡ ᠬᠦᠷᠭᠡᠬᠦ  ᠠᠵᠢᠯᠯᠠᠭ᠎ᠠ ᠥᠷᠨᠢᠭᠦᠯᠵᠡᠶ᠃    ᠨᠢᠭᠡ ᠳᠤ᠂ ᠰᠢᠨ᠎ᠡ ᠶᠢ ᠡᠭᠦᠳᠬᠦ ᠪᠡᠶᠡᠴᠢ ᠴᠣᠭᠴᠠ ᠶᠢ ᠪᠤᠶᠢᠵᠢᠭᠤᠯᠬᠤ ᠶᠢ  ᠴᠢᠩᠭᠠᠳᠬᠠᠪᠠ᠃ ᠲᠤᠰ ᠲᠣᠪᠴᠢᠶ᠎ᠠ ᠠᠵᠤ ᠠᠬᠤᠶᠢᠯᠠᠯ ᠳᠤ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠳᠤ  ᠬᠤᠯᠪᠤᠭᠳᠠᠭᠰᠠᠨ ᠠᠵᠤ ᠠᠬᠤᠶᠢᠯᠠᠯ ᠳᠡᠭᠡᠳᠦ ᠰᠤᠷᠭᠠᠭᠤᠯᠢ ᠶᠢᠨ ᠰᠤᠳᠤᠯᠭᠠᠨ ᠤ  ᠲᠠᠯ᠎ᠠ ᠳᠤ ᠬᠤᠯᠪᠣᠭᠳᠠᠭᠰᠠᠨ  ᠬᠠᠷᠭᠠᠯᠵᠠᠯᠲᠦ ᠲᠥᠷᠥ ᠶᠢᠨ ᠪᠣᠳᠣᠯᠭ᠎ᠠ ᠶᠢ ᠤᠬᠠᠭᠤᠯᠵᠠᠶ᠃ ᠡᠭᠦᠨ ᠤ ᠬᠠᠮᠲᠤ ᠠᠵᠤ ᠠᠬᠤᠶᠢᠯᠠᠯ ᠤᠨ ᠠᠰᠠᠭᠤᠳᠠᠯ ᠤᠨ ᠤᠳᠤᠷᠢᠳᠤᠮᠵᠢ᠂ ᠬᠡᠷᠡᠭᠴᠡᠭᠡᠨ ᠤ ᠤᠳᠤᠷᠢᠳᠤᠮᠵᠢ᠂  ᠬᠠᠷᠠᠯᠲᠠ ᠶᠢᠨ ᠤᠳᠤᠷᠢᠳᠤᠮᠵᠢ ᠲᠠᠢ ᠤᠶᠠᠯᠳᠤᠭᠤᠯᠤᠨ᠂ ᠠᠵᠤ ᠠᠬᠤᠶᠢᠯᠠᠯ ᠳᠤ ᠪᠦᠬᠦ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ  ᠂ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠬᠤ᠂ ᠨᠢᠭᠡ ᠠᠵᠤ ᠠᠬᠤᠶᠢᠯᠠᠯ ᠳᠤ ᠨᠢᠭᠡ ᠪᠣᠳᠣᠯᠭ᠎ᠠ ᠶᠢᠨ ᠵᠠᠷᠴᠢᠮ ᠢ  ᠬᠡᠷᠡᠭᠵᠢᠭᠦᠯᠪᠡ᠃    ᠬᠤᠶᠠᠷ ᠲᠤ᠂ ᠰᠢᠨ᠎ᠡ ᠮᠠᠶ᠋ᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ  ᠪᠠᠶᠢᠭᠤᠯᠤᠯᠲᠠ ᠶᠢ ᠲᠦᠷᠭᠡᠳᠬᠡᠪᠡ᠃  ᠰᠢᠨᠵᠢᠯᠡᠭᠡ ᠮᠡᠷᠭᠡᠵᠢᠯ ᠤᠨ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ  ᠪᠦᠲᠦᠭᠡᠯ ᠤᠨ ᠬᠤᠪᠢᠷᠠᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠠᠬᠤᠶᠢᠯᠠᠯ ᠳᠤ ᠤᠷᠢᠳ ᠬᠤᠵᠢᠳ ᠥᠪᠥᠷ ᠮᠣᠩᠭᠤᠯ ᠤᠨ ᠰᠢᠨᠵᠢᠯᠡᠬᠦ ᠮᠡᠷᠭᠡᠵᠢᠯ ᠤᠨ ᠲᠥᠯᠥᠪᠯᠡᠭᠡ ᠶᠢᠨ  ᠲᠦᠷᠦᠯ ᠵᠦᠢᠯ ᠢ ᠮᠡᠳᠡᠭᠦᠯᠬᠦ ᠰᠢᠰᠲ᠋ᠧᠮ ᠪᠣᠯᠤᠨ ᠮᠡᠷᠭᠡᠵᠢᠯ ᠤᠨ ᠠᠷᠠᠯᠵᠢᠶᠠᠨ ᠤ ᠳᠠᠷᠠᠭᠠᠬᠢ ᠨᠥᠬᠦᠪᠥᠷᠢ ᠶᠢᠨ  ᠰᠢᠰᠲ᠋ᠧᠮ ᠢ ᠤᠭᠰᠠᠷᠠᠵᠤ᠂ ᠰᠢᠨᠵᠢᠯᠡᠬᠦ ᠮᠡᠷᠭᠡᠵᠢᠯ ᠪᠣᠯᠤᠨ ᠠᠵᠤ  ᠦᠢᠯᠡᠰ ᠤᠨ ᠭᠦᠨ ᠠᠭᠤᠰᠤᠯᠴᠠᠯ ᠢ ᠠᠬᠢᠭᠤᠯᠵᠠᠶ᠃    ᠡᠨᠡ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠤᠨ ᠠᠵᠤ ᠠᠬᠤᠶᠢᠯᠠᠯ ᠢ ᠵᠢᠯᠣᠭᠤᠳᠬᠤ ᠪᠠ  ᠦᠢᠯᠡᠴᠢᠯᠡᠬᠦ  ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠪᠡ᠃    
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1