ᠶᠤᠸᠠᠨ ᠪᠦᠦ ᠱᠠᠨ ᠲᠣᠭᠤᠷᠢᠭ ᠤᠨ ᠬᠤᠴᠣᠷᠭᠠᠨ ᠠᠪᠬᠤ ᠬᠤᠪᠢᠶᠠᠷᠢ  ᠭᠠᠵᠠᠷ ᠨᠢ ᠰᠢᠷᠢᠰ ᠠᠵᠢᠯᠯᠠᠭ᠎ᠠ ᠥᠷᠨᠢᠭᠦᠯᠵᠦ ᠬᠡᠷᠡᠭ  ᠰᠢᠢᠳᠪᠦᠷᠢᠯᠡᠬᠦ ᠠᠮᠤᠷ ᠲᠦᠪᠰᠢᠨ ᠢ  ᠴᠤᠭᠴᠠᠯᠠᠵᠤ ᠪᠣᠢ
ᠨᠡᠶᠢᠲᠡᠯᠡᠭᠰᠡᠨ ᠴᠠᠭ᠄
2020/6/11
   ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠬᠤᠴᠣᠷᠭᠠᠨ ᠠᠪᠬᠤ  ᠭᠠᠵᠠᠷ ᠎ ᠨᠢ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ  ᠱᠠᠭᠠᠷᠳᠠᠯᠭ᠎ᠠ ᠶᠣᠰᠣᠭᠠᠷ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠢᠭᠡ ᠭᠠᠷᠠᠭ ᠤᠨ ᠬᠤᠭᠤᠴᠠᠭ᠎ᠠ ᠲᠠᠢ ᠬᠡᠷᠡᠭ  ᠰᠢᠢᠳᠪᠦᠷᠢᠯᠡᠬᠦ ︽ᠠᠮᠤᠷ ᠲᠦᠪᠰᠢᠨ ᠤ ᠭᠠᠷᠠᠭ︾᠎ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ  ᠦᠷᠨᠢᠭᠦᠯᠪᠡ   ᠬᠡᠷᠡᠭ ᠰᠢᠢᠳᠪᠦᠷᠢᠯᠡᠬᠦ ᠠᠮᠤᠷ ᠲᠦᠪᠰᠢᠨ ᠪᠣᠯ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠠᠮᠢᠨ ᠰᠤᠳᠠᠰᠤ ᠮᠥᠨ᠃ ᠣᠳᠣᠬᠠᠨ ᠳᠤ᠂ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ  ᠡᠵᠡᠮᠳᠡᠬᠦ ᠨᠢ  ᠬᠤᠴᠣᠷᠭᠠᠨ ᠠᠪᠬᠤ  ᠭᠠᠵᠠᠷ ᠤᠨ ᠡᠳᠦᠷ ᠲᠤᠲᠤᠮ ᠤᠨ ᠠᠵᠢᠯ ᠤᠨ  ᠠᠭᠤᠯᠭ᠎ᠠ ᠪᠣᠯᠵᠤ᠂   ᠣᠨᠴᠠ ᠴᠠᠭᠳᠠᠭ᠎ᠠ ᠵᠢᠴᠢ ᠠᠵᠢᠯᠲᠠᠨ ᠢ ᠡᠳᠦᠷ ᠪᠦᠷᠢ ᠪᠡᠶ᠎ᠡ ᠶᠢᠨ ᠳᠤᠯᠠᠭᠠᠨ ᠢ ᠪᠠᠶᠢᠴᠠᠭᠠᠵᠤ ᠣᠯᠠᠨ ᠨᠡᠶᠢᠲᠡ ᠶᠢᠨ  ᠭᠠᠵᠠᠷ ᠲᠤ ᠠᠮᠠᠪᠴᠢ ᠵᠡᠭᠦᠬᠦ ᠶᠢ ᠱᠠᠭᠠᠷᠳᠠᠵᠠᠶ᠃     ᠠᠵᠢᠯᠯᠠᠭᠠᠨ ᠤ ᠬᠤᠭᠤᠴᠠᠭᠠᠨ ᠳᠤ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠵᠦ᠂ ᠲᠤᠰᠬᠠᠶ ᠮᠡᠷᠭᠡᠵᠢᠯ ᠤᠨ ᠡᠮᠴᠢ ᠶᠢ ᠤᠷᠢᠵᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠵᠢᠷᠦᠬᠡ ᠠᠭᠤᠰᠬᠢ ᠶᠢ ᠰᠡᠷᠭᠦᠭᠡᠬᠦ ᠮᠡᠷᠭᠡᠵᠢᠯ ᠵᠡᠷᠭᠡ ᠲᠦᠷᠭᠡᠨ ᠠᠪᠤᠷᠠᠬᠤ ᠮᠡᠳᠡᠯᠭᠡ ᠶᠢ ᠲᠠᠶᠢᠯᠪᠤᠷᠢᠯᠠᠵᠤ᠂ ᠬᠠᠷᠠᠵᠤ ᠰᠤᠪᠢᠯᠠᠬᠤ ᠠᠩᠭᠢ ᠶᠢᠨ ᠭᠡᠰᠢᠭᠦᠳ ᠲᠤᠰ ᠲᠤᠰ ᠭᠠᠭᠴᠠ ᠬᠥᠮᠦᠨ ᠤ ᠵᠢᠷᠦᠬᠡ ᠠᠭᠤᠰᠬᠢᠨ ᠤ ᠰᠡᠷᠭᠦᠭᠡᠯᠲᠡ᠂  ᠬᠤᠶᠠᠷ ᠬᠥᠮᠦᠨ ᠤ ᠵᠢᠷᠦᠬᠡ ᠠᠭᠤᠰᠬᠢᠨ ᠤ ᠰᠡᠷᠭᠦᠭᠡᠯᠲᠡ ᠵᠢᠴᠢ ᠴᠡᠴᠡᠷᠡᠬᠦ ᠶᠢ ᠠᠷᠢᠯᠭᠠᠬᠤ ᠬᠡᠮᠵᠢᠭᠦᠷᠯᠢᠭ ᠤᠨ  ᠬᠡᠷᠡᠭᠯᠡᠯᠲᠡ ᠳᠤ ᠪᠣᠳᠠᠲᠤ ᠪᠣᠯᠪᠠᠰᠤᠷᠠᠯ ᠬᠢᠵᠦ᠂ ᠬᠠᠷᠠᠵᠤ ᠬᠠᠮᠠᠭᠠᠯᠠᠬᠤ ᠠᠩᠭᠢ ᠶᠢᠨ ᠭᠡᠰᠢᠭᠦᠨ᠂ ᠲᠠᠯᠠᠪᠤᠷ ᠭᠠᠵᠠᠷ ‍ᠤᠨ‌ᠠᠵᠢᠯᠲᠠᠨ ᠨᠢᠭᠡᠪᠦᠷᠢ ᠵᠢᠴᠢ ᠰᠠᠭᠤᠭ᠎ᠠ ᠭᠠᠵᠠᠷ ᠤᠨ ᠡᠮᠴᠢ ᠨᠢᠭᠡᠪᠦᠷᠢ ᠴᠥᠮ ᠭᠡᠨᠡᠳᠲᠡ ᠶᠢᠨ ᠬᠡᠷᠡᠭ ᠢ  ᠯᠠᠪᠳᠠᠭᠤᠨ ᠲᠣᠭᠲᠠᠭᠤᠨ ᠢᠶᠠᠷ ᠠᠷᠭᠠᠴᠠᠬᠤ ᠶᠢ  ᠪᠠᠲᠤᠯᠠᠵᠠᠢ     ᠬᠠᠭᠠᠰ ᠡᠳᠦᠷ ᠤᠨ ᠴᠠᠭ ᠢ ᠬᠡᠷᠡᠭᠯᠡᠵᠦ᠂ ᠭᠠᠯ ᠤᠨᠲᠠᠷᠠᠭᠠᠬᠤ ᠪᠦᠬᠦ ᠲᠥᠬᠦᠭᠡᠷᠦᠮᠵᠢ ᠶᠢ ᠨᠢᠭᠡᠳ ᠨᠢᠭᠡ ᠪᠠᠷ ᠪᠠᠶᠢᠴᠠᠭᠠᠵᠤ᠂ ᠬᠤᠭᠤᠴᠠᠭ᠎ᠠ ᠲᠤᠯᠤᠭᠰᠠᠨ ᠭᠠᠯ ᠤᠨᠲᠠᠷᠠᠭᠠᠭᠤᠷ ᠢ ᠰᠣᠯᠢᠵᠠᠶ᠃ ᠳᠠᠷᠠᠭ᠎ᠠ ᠨᠢ᠂ ᠠᠳᠠᠯ ᠠᠬᠤᠶ ᠶᠢᠨ ᠠᠵᠢᠯᠲᠠᠨ ᠵᠢᠴᠢ ᠬᠡᠷᠡᠭ  ᠰᠢᠢᠳᠪᠦᠷᠢᠯᠡᠬᠦ ᠠᠵᠢᠯᠲᠠᠨ ᠢ ᠵᠣᠬᠢᠶᠠᠨ ᠪᠠᠶᠢᠭᠤᠯᠵᠤ ᠭᠠᠯ ᠤᠨᠲᠠᠷᠠᠭᠠᠬᠤ ᠮᠡᠳᠡᠯᠭᠡ ᠶᠢᠨ ᠪᠣᠯᠪᠠᠰᠤᠷᠠᠭᠤᠯᠤᠯ ᠬᠢᠵᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ  ᠬᠡᠷᠡᠭᠯᠡᠬᠦ ᠶᠢ  ᠲᠠᠶᠢᠯᠪᠤᠷᠢᠯᠠᠬᠤ ᠶᠢᠨ ᠬᠠᠮᠲᠤ ᠠᠵᠢᠯᠯᠠᠭᠠᠨ ᠤ ᠰᠣᠷᠢᠯᠲᠠ ᠬᠢᠵᠡᠶ᠃     ᠬᠠᠷᠠᠵᠤ ᠬᠠᠮᠠᠭᠠᠯᠠᠭᠴᠢ ᠶᠢᠨ ᠪᠠᠶᠢᠷᠢ ᠎ ᠶᠢᠨ ᠭᠡᠷ  ᠤᠨ ᠣᠷᠴᠢᠨ ᠲᠣᠭᠤᠷᠢᠨ ᠤ ᠠᠷᠢᠭᠤᠨ ᠴᠡᠪᠡᠷ  ᠤᠨ ᠪᠠᠶᠢᠳᠠᠯ ᠢ ᠭᠡᠨᠡᠳᠡᠭᠦᠯᠦᠨ  ᠪᠠᠶᠢᠴᠠᠭᠠᠵᠤ᠂ ᠰᠢᠯᠢᠳᠡᠭ ᠪᠠᠶᠢᠷᠢ ᠳᠤ ᠬᠡᠮᠡᠷᠯᠢᠭ ᠲᠤᠭ ᠣᠯᠭᠤᠵᠤ᠂ ᠬᠢᠷᠢ ᠲᠡᠩᠴᠡᠬᠦ ᠦᠭᠡᠢ ᠪᠠᠶᠢᠷᠢ ᠳᠤ ᠴᠡᠭᠴᠡᠯᠡᠨ  ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃         ︽ᠠᠮᠤᠷ ᠲᠦᠪᠰᠢᠨ ᠤ ᠭᠠᠷᠠᠭ︾᠎ ᠤᠨ ᠰᠢᠷᠢᠰ ᠠᠵᠢᠯᠯᠠᠭ᠎ᠠ  ᠪᠠᠷ ᠳᠠᠮᠵᠢᠭᠤᠯᠵᠤ᠂ ︽ᠬᠡᠷᠡᠭ ᠰᠢᠢᠳᠪᠦᠷᠢᠯᠡᠬᠦ ᠠᠮᠤᠷ ᠲᠦᠪᠰᠢᠨ︾ ᠭᠡᠬᠦ ᠤᠢᠢᠯᠠᠭᠠᠭᠳᠠᠬᠤᠨ ᠢ  ᠠᠵᠢᠯᠲᠠᠳ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠤ ᠳᠠᠭᠤᠷᠢᠶᠠᠮᠠᠯ ᠰᠣᠷᠢᠯᠲᠠ ᠨᠢ ᠪᠠᠰᠠ ᠤᠯᠠᠨ ᠤ ᠰᠡᠷᠭᠡᠶᠢᠯᠡᠨ ᠡᠵᠡᠮᠳᠡᠬᠦ ᠤᠷ᠎ᠠ ᠴᠢᠳᠠᠪᠤᠷᠢ᠂ ᠠᠮᠤᠷ ᠲᠦᠪᠰᠢᠨ ᠤ ᠤᠬᠠᠮᠰᠠᠷ ᠤᠨ ᠬᠤᠣᠰ ᠳᠡᠭᠡᠭᠰᠢᠯᠡᠯᠲᠡ᠂ ᠬᠤᠣᠰ ᠴᠢᠩᠭᠠᠳᠬᠠᠯ ᠲᠠᠢ  ᠪᠤᠯᠭᠠᠵᠠᠢ᠃                                         ︵ᠸᠠᠩ ᠯᠢᠶᠠᠩ  ︶  
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1