ᠫᠢᠩ ᠵᠤᠸᠠᠩ ᠪᠠᠷᠠᠭᠤᠨ ᠬᠤᠲᠠ  ᠵᠡᠭᠡᠯᠢ ᠭᠤᠳᠤᠮᠵᠢ ᠳᠤ ︽ᠵ᠊ ᠰᠦᠪᠡᠯᠡᠬᠦ᠂  ᠵᠠᠯᠭᠠᠬᠤ᠂ ᠨᠦᠬᠦᠬᠦ︾ ᠲᠣᠤᠷ ᠨᠡᠬᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/6/13
   ᠵᠢᠯ ᠤᠨ ᠡᠬᠢᠨ ᠠᠴᠠ ᠨᠠᠰᠢ᠂ ᠫᠢᠩᠵᠤᠸᠠᠩ ᠤᠨ ᠪᠠᠷᠠᠭᠤᠨ ᠬᠤᠲᠠ  ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ︽ᠵ᠊ ᠰᠦᠪᠡᠯᠡᠬᠦ᠂  ᠵᠠᠯᠭᠠᠬᠤ᠂  ᠨᠦᠬᠦᠬᠦ︾ ᠲᠣᠤᠷ  ᠨᠡᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ  ᠲᠤᠤᠷᠵᠢᠭᠤᠯᠤᠯᠲᠠ ᠶᠢᠨ  ᠪᠠᠶᠢᠭᠤᠯᠤᠯᠲᠠ ᠶᠢ ᠲᠦᠯᠬᠢᠨ  ᠠᠬᠢᠭᠤᠯᠵᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ᠂ ᠬᠦᠰᠡᠯ ᠱᠠᠭᠠᠷᠳᠠᠯᠭ᠎ᠠ ᠎ ᠶᠢ ᠪᠦᠬᠦᠨ ᠢ  ᠨᠠᠶᠢᠳᠠᠪᠤᠷᠢᠵᠢᠭᠤᠯᠤᠨ᠂  ᠶᠠᠪᠤᠳᠠᠯ ᠪᠣᠯᠭᠠᠨ ᠳᠤ ᠬᠠᠷᠢᠭᠤ ᠲᠤᠰᠬᠠᠯ ᠥᠭᠴᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠦᠢᠯᠡᠴᠢᠯᠡᠭᠡ ᠶᠢ ᠣᠨᠣᠪᠴᠢᠵᠢᠭᠤᠯᠬᠤ᠂ ᠨᠠᠷᠢᠯᠢᠭᠵᠢᠭᠤᠯᠬᠤ᠂  ᠪᠦᠬᠦᠨ ᠢ ᠪᠦᠷᠬᠦᠭᠦᠯᠬᠦ ᠶᠢ  ᠪᠡᠶᠡᠯᠡᠭᠦᠯᠵᠡᠢ᠃     ︽  ᠰᠦᠪᠡᠯᠡᠬᠦ  ︾ ---᡺ ᠠᠰᠠᠭᠤᠳᠠᠯ ᠎ ᠢᠶᠠᠷ ᠤᠳᠤᠷᠢᠳᠤᠮᠵᠢ ᠪᠤᠯᠭᠠᠬᠤ ᠶᠢ  ᠪᠠᠬᠢᠵᠢᠭᠦᠯᠵᠦ᠂ ᠠᠰᠠᠭᠤᠳᠠᠯ ᠢ ᠲᠠᠯᠪᠢᠯ ᠦᠭᠡᠢ ᠠᠳᠬᠤᠪᠠ᠃     ᠪᠠᠷᠠᠭᠤᠨ ᠬᠤᠲᠠ  ᠵᠡᠭᠡᠯᠢ ᠭᠤᠳᠤᠮᠵᠢ ︽ᠳᠥᠭᠦᠮ ᠶᠠᠪᠤᠳᠠᠯ ᠢ ᠲᠦᠷᠭᠡᠨ ᠬᠢᠵᠦ᠂ ᠪᠤᠳᠤᠯᠢᠶᠠᠨᠲᠠᠶ ᠶᠠᠪᠤᠳᠠᠯ ᠢ ᠨᠠᠷᠢᠨ ᠨᠢᠮᠪᠠᠶ ᠬᠢᠵᠦ᠂ ᠣᠯᠠᠨ ᠲᠦᠮᠡᠨ ᠤ ᠬᠠᠮᠲᠤ ᠶᠢᠨ ᠠᠰᠢᠭ ᠲᠤᠰᠠ ᠲᠠᠢ ᠬᠤᠯᠪᠣᠭᠳᠠᠬᠤ ᠶᠠᠪᠤᠳᠠᠯ ᠢ ᠯᠠᠪᠳᠠᠭᠤᠨ  ᠰᠢᠢᠳᠪᠦᠷᠢᠯᠡᠬᠦ︾  ᠲᠤᠤᠷᠵᠢᠭᠰᠠᠨ ᠠᠵᠢᠯ ᠤᠨ ᠶᠡᠷᠦᠩᠬᠡᠶ ᠬᠥᠭ ᠠᠶᠠᠰ ᠢ  ᠲᠤᠭᠲᠠᠭᠠᠵᠤ᠂ ︽ᠪᠠᠭ᠎ᠠ ᠶᠠᠪᠤᠳᠠᠯ ᠢ  ᠲᠤᠤᠷᠵᠢᠯ ᠠᠴᠠ ᠭᠠᠷᠭᠠᠬᠤ ᠦᠭᠡᠶ  ᠂ ᠶᠡᠭᠡ ᠶᠠᠪᠤᠳᠠᠯ ᠨᠢ ᠨᠡᠶᠢᠭᠡᠮ ᠲᠣᠭᠤᠷᠢᠭ ᠠᠴᠠ ᠭᠠᠷᠬᠤ ᠦᠭᠡᠢ︾ ᠪᠠᠶᠢᠬᠤ ᠶᠢ ᠪᠠᠲᠤᠯᠠᠵᠤ᠂ ᠨᠡᠶᠢᠭᠡᠮ ᠲᠣᠭᠤᠷᠢᠭ ᠤᠨ ᠠᠷᠠᠳ ᠲᠤ  ᠦᠢᠯᠡᠴᠢᠯᠡᠬᠦ ᠬᠢᠷᠢ ᠬᠡᠮᠵᠢᠶ᠎ᠡ ᠶᠢ ᠪᠦᠬᠦ ᠲᠠᠯ᠎ᠠ ᠪᠠᠷ  ᠳᠡᠭᠡᠭᠰᠢᠯᠡᠭᠦᠯᠪᠡ᠃ ᠲᠤᠤᠷᠴᠢᠯᠠᠭᠰᠠᠨ ᠵᠠᠰᠠᠯᠲᠠ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠡᠯ᠎ᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ 151 ᠠᠰᠠᠭᠤᠳᠠᠯ ᠢ ᠴᠤᠭᠯᠠᠭᠤᠯᠵᠤ᠂ ᠣᠳᠣ ᠪᠣᠯᠲᠠᠯ᠎ᠠ 146 ᠠᠰᠠᠭᠤᠳᠠᠯ ᠢ  ᠰᠢᠢᠳᠪᠦᠷᠢᠯᠡᠵᠦ᠂  ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 96.7%᠎ ᠳᠤ ᠬᠦᠷᠴᠡᠶ᠃      ︽  ᠵᠠᠯᠭᠠᠬᠤ︾ ---᡺ ᠬᠡᠷᠡᠭ ᠵᠥᠪᠯᠡᠵᠦ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠣᠯᠠᠨ ᠡᠰᠢᠲᠦ ᠬᠠᠮᠲᠤ ᠪᠠᠷ ᠵᠠᠰᠠᠬᠤ  ᠪᠠᠶᠢᠳᠠᠯ ᠢ  ᠪᠦᠷᠢᠯᠳᠦᠭᠦᠯᠪᠡ     ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ᠂ ᠰᠠᠭᠤᠭᠠᠯᠢ ᠠᠷᠠᠳ ᠤᠨ ᠵᠥᠪᠯᠡᠯ᠂ ᠬᠢᠨᠠᠯᠲᠠ  ᠲᠠᠯᠪᠢᠬᠤ ᠵᠥᠪᠯᠡᠯ᠂ ᠠᠳᠠᠯ ᠠᠬᠤᠢ ᠶᠢᠨ ᠠᠵᠤ ᠠᠬᠤᠶᠢᠯᠠᠯ᠂ ᠰᠠᠭᠤᠭᠠᠯᠢ ᠠᠷᠠᠳ ︵ᠥᠮᠴᠢᠲᠡᠨ︶᠎ ᠤᠨ ᠲᠥᠯᠥᠭᠡᠯᠡᠭᠴᠢ᠂ ᠨᠡᠶᠢᠭᠡᠮ ᠎ ᠤᠨ ᠵᠣᠬᠢᠶᠠᠨ ᠪᠠᠶᠢᠭᠤᠯᠤᠯᠲᠠ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠲᠥᠯᠥᠭᠡᠯᠡᠭᠴᠢ᠂ ᠬᠠᠷᠢᠶ᠎ᠠ ᠣᠷᠣᠨ ᠤ  ᠬᠤᠳᠠᠯᠳᠤᠭᠠᠴᠢᠨ ᠤ ᠲᠥᠯᠥᠭᠡᠯᠡᠭᠴᠢ ᠵᠡᠷᠭᠡ ᠬᠠᠮᠲᠤ ᠪᠠᠷ ᠣᠷᠣᠯᠴᠠᠭᠰᠠᠨ ᠬᠡᠷᠡᠭ  ᠵᠥᠪᠯᠡᠨ ᠵᠥᠪᠳᠡᠯᠴᠡᠬᠦ ᠬᠤᠷᠠᠯ ᠤᠨ ᠲᠣᠭᠲᠠᠴᠠ ᠶᠢ  ᠪᠠᠶᠢᠭᠤᠯᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ  ᠡᠳ᠋ᠯᠡᠬᠦ ᠶᠢ ᠲᠦᠯᠬᠢᠨ ᠠᠬᠢᠭᠤᠯᠵᠤ᠂ ᠨᠡᠶᠢᠭᠡᠮ ᠲᠣᠭᠤᠷᠢᠭ ᠤᠨ ᠬᠡᠷᠡᠭ ᠶᠠᠪᠤᠳᠠᠯ ᠢ ᠬᠠᠮᠲᠤᠪᠠᠷ ᠵᠥᠪᠯᠡᠭᠰᠡᠨ ᠣᠯᠠᠨ ᠡᠰᠢᠵᠢᠭᠰᠡᠨ ᠬᠠᠮᠲᠤ ᠪᠠᠷ ᠵᠠᠰᠠᠵᠤ ᠴᠢᠳᠠᠮᠠᠭᠠᠶ ᠪᠠᠷ  ᠵᠠᠰᠠᠬᠤ  ᠪᠠᠶᠢᠳᠠᠯ ᠢ ᠪᠤᠢ  ᠪᠤᠯᠭᠠᠪᠠ᠃      ︽  ᠨᠦᠬᠦᠬᠦ︾ ---᡺ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠠᠶᠢᠨ ᠳᠤᠷ᠎ᠠ ᠶᠢᠨ  ᠠᠵᠢᠯᠯᠠᠭᠴᠢ ᠶᠢᠨ  ᠡᠩᠨᠡᠭᠡ ᠶᠢ ᠪᠤᠶᠢᠵᠢᠭᠤᠯᠤᠨ᠂ ᠨᠡᠶᠢᠭᠡᠮ ᠲᠣᠭᠤᠷᠢᠭ ᠤᠨ ᠵᠠᠰᠠᠯᠲᠠ ᠶᠢᠨ  ᠦᠢᠯᠡᠴᠢᠯᠡᠭᠡᠨ ᠤ ︽ᠪᠠᠯᠠᠶ ᠣᠷᠣᠨ︾᠎ ᠢ ᠨᠥᠬᠦᠪᠥᠷᠢᠯᠡᠪᠡ᠃     ᠪᠠᠷᠠᠭᠤᠨ ᠬᠤᠳᠠ ᠵᠡᠭᠡᠯᠢ ᠭᠤᠳᠤᠮᠵᠢ ᠨᠢ  ᠰᠢ ᠶᠢᠥ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠯᠪᠣᠭ᠎ᠠ ᠪᠠᠷ ᠲᠠᠪᠴᠠᠩ ᠪᠣᠯᠭᠠᠵᠤ᠂ ᠨᠡᠶᠢᠭᠡᠮ ᠲᠣᠭᠤᠷᠢᠭ ᠤᠨ ᠳᠠᠪᠬᠤᠷᠭ᠎ᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠶᠢᠨ ᠳᠤᠷ᠎ᠠ ᠶᠢᠨ ᠠᠵᠢᠯᠯᠠᠭᠰᠠᠳ ᠤᠨ ᠡᠩᠨᠡᠭᠡ ᠶᠢ ᠨᠡᠪᠴᠢᠭᠦᠯᠬᠦ ᠪᠠ ᠪᠤᠶᠢᠵᠢᠭᠤᠯᠬᠤ ᠪᠠᠨ  ᠨᠡᠮᠡᠭᠳᠡᠭᠦᠯᠵᠡᠢ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠵᠥᠪ ᠴᠢᠭᠯᠡᠯ ᠢ ᠡᠵᠡᠮᠰᠢᠬᠦ  ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠠᠶ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠳᠤᠮᠳᠠ ᠨᠡᠶᠢᠭᠡᠮ ᠳᠤ ᠦᠶ᠋ᠯᠡᠴᠢᠯᠡᠬᠦ ᠶᠢ  ᠠᠬᠢᠭᠤᠯᠵᠤ᠂  ᠦᠢᠯᠡᠴᠢᠯᠡᠭᠡᠨ ᠤ ᠳᠤᠮᠳᠠ ᠬᠥᠭᠵᠢᠨ ᠪᠤᠵᠠᠭᠠᠶᠢᠷᠠᠬᠤ ᠶᠢ  ᠠᠬᠢᠭᠤᠯᠵᠠᠢ᠃ ᠪᠠᠷᠠᠭᠤᠨ ᠬᠤᠳᠠ ᠵᠡᠭᠡᠯᠢ ᠭᠤᠳᠤᠮᠵᠢ ᠶᠢᠨ ᠡᠯ᠎ᠡ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠨᠡᠶᠢᠳᠡ 21 ᠪᠠᠶᠢᠨ᠎ᠠ᠂ ᠲᠡᠳᠡ ᠰᠠᠭᠤᠭᠠᠯᠢ ᠠᠷᠠᠳ ᠤᠨ ᠪᠡᠶ᠎ᠡ  ᠰᠡᠳᠬᠢᠯ ᠤᠨ ᠡᠷᠡᠭᠦᠯ ᠮᠡᠨᠳᠦ᠂ ᠪᠠᠭᠤᠷᠠᠢ ᠬᠥᠮᠦᠰ ᠢ ᠬᠠᠪᠰᠤᠷᠤᠨ ᠲᠡᠳᠬᠦᠬᠦ᠂ ᠰᠠᠭᠤᠭᠠᠯᠢ ᠠᠷᠠᠳ ᠤᠨ ᠰᠣᠶᠣᠯ ᠲᠠᠮᠢᠷ ᠵᠤᠭ᠎ᠠ ᠴᠡᠩᠭᠡᠯ᠂ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠨᠠᠰᠤᠨ ᠳᠤ ᠦᠯᠦ ᠬᠦᠷᠦᠭᠰᠡᠳ ᠤᠨ ᠬᠥᠮᠦᠵᠢᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠠᠭᠠᠯᠠᠯᠲᠠ᠂ ᠬᠠᠤᠯᠢ ᠴᠠᠭᠠᠵᠠ ᠶᠢᠨ ᠮᠡᠳᠡᠯᠭᠡ ᠶᠢᠨ ᠤᠬᠠᠭᠤᠯᠭ᠎ᠠ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠵᠡᠷᠭᠡ ᠡᠯ᠎ᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1