| | 6 ᠰᠠᠷ᠎ᠠ ᠶᠢᠨ 10 ᠤ ᠡᠳᠦᠷ᠂ ᠫᠢᠩ ᠵᠤᠸᠠᠩ ᠨᠡᠭᠦᠷᠡᠰᠦᠨ ᠤ ᠦᠢᠯᠡᠰ ᠤᠨ ᠡᠪᠯᠡᠯ ᠤᠨ ᠬᠤᠷᠢᠶᠠᠨ ᠤ | ᠱᠦᠵᠢ ᠮᠢᠶᠣᠣ ᠬᠤᠸᠠ ᠢᠦᠶ᠂ ᠫᠢᠩ ᠮᠧᠶ ᠶᠤᠸᠠᠨ ᠪᠦᠦ ᠱᠠᠨ ᠤ ᠵᠠᠳᠠᠭᠠᠶ ᠨᠡᠭᠦᠷᠡᠰᠦᠨ ᠠᠭᠤᠷᠬᠠᠢ ᠶᠢᠨ ᠡᠪᠯᠡᠯ ᠤᠨ | ᠬᠤᠷᠢᠶᠠᠨ ᠤ ᠱᠦᠵᠢ ᠰᠢᠤᠢ ᠰᠢᠤᠢ᠂ ᠫᠢᠩ ᠵᠤᠸᠠᠩ ᠨᠡᠭᠦᠷᠡᠰᠦᠨ ᠤ ᠪᠦᠯᠦᠭᠯᠡᠯ ᠤᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠵᠠᠯᠠᠭᠤᠴᠤᠳ ᠤᠨ ᠡᠪᠯᠡᠯ ᠤᠨ ᠠᠵᠢᠯ ᠤᠨ ᠬᠠᠷᠢᠭᠤᠴᠠᠯᠭᠠᠲᠠᠨ ᠵᠤᠤ ᠵᠢᠩ᠂ ᠫᠢᠩ ᠮᠧᠶ | ᠬᠠᠩᠭᠠᠯᠭ᠎ᠠ ᠶᠢᠨ ᠺᠣᠮᠫᠠᠨᠢ ᠶᠢᠨ ᠡᠪᠯᠡᠯ ᠤᠨ ᠬᠤᠷᠢᠶᠠᠨ ᠤ ᠱᠦᠵᠢ ᠵᠧᠤ ᠱᠠ᠂ ᠫᠢᠩ ᠮᠧᠶ ᠨᠡᠭᠦᠷᠡᠰᠦ ᠪᠣᠷᠣᠯᠠᠭᠤᠯᠬᠤ | ᠺᠣᠮᠫᠠᠨᠢ ᠶᠢᠨ ᠵᠠᠯᠠᠭᠤᠴᠤᠳ ᠤᠨ ᠡᠪᠯᠡᠯ ᠤᠨ ᠠᠵᠢᠯ ᠤᠨ ᠬᠠᠷᠢᠭᠤᠴᠠᠯᠭᠠᠲᠠᠨ ᠯᠢᠦ ᠢ ᠰᠠᠩ ᠵᠡᠷᠭᠡ 10 ᠬᠥᠮᠦᠨ | ᠶᠤᠸᠠᠨ ᠪᠦᠦ ᠱᠠᠨ ᠲᠣᠭᠤᠷᠢᠭ ᠤᠨ ᠣᠨᠴᠠᠭᠠᠶ ᠰᠤᠷᠭᠠᠭᠤᠯᠢ ᠳᠤ ᠬᠦᠷᠴᠦ ︽ᠰᠡᠳᠬᠢᠯ ᠵᠢᠷᠦᠬᠡ ᠪᠠᠨ ᠬᠤᠯᠪᠣᠨ ᠲᠠᠨ | ᠲᠠᠢ ᠬᠠᠮᠲᠤ ᠠᠶᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠠᠵᠢᠯᠯᠠᠭᠠᠨ ᠤ ᠳᠤᠮᠳᠠ ᠫᠢᠩ ᠵᠤᠸᠠᠩ ᠨᠡᠭᠦᠷᠡᠰᠦᠨ ᠤ ᠦᠢᠯᠡᠰ ᠤᠨ ᠡᠪᠯᠡᠯ ᠤᠨ ᠬᠤᠷᠢᠶ᠎ᠠ ᠠᠴᠠ ᠣᠨᠴᠠᠭᠠᠶ | ᠰᠤᠷᠭᠠᠭᠤᠯᠢ ᠶᠢᠨ 131 ᠰᠣᠷᠣᠭᠴᠢ ᠪᠦᠷᠢ ᠳᠤ ᠨᠢᠭᠡ ᠰᠢᠷ᠎ᠠ ᠮᠠᠯᠠᠭᠠᠶ ᠪᠠ ᠨᠢᠭᠡ ᠬᠠᠶᠢᠷᠴᠠᠭ ᠤᠰᠤᠨ ᠪᠤᠳᠤᠭ ᠤᠨ | ᠪᠢᠷ ᠬᠠᠨᠳᠢᠪᠯᠠᠭᠰᠠᠨ ᠪᠦᠭᠡᠳ ᠬᠡᠤᠬᠡᠳ ᠤᠳ ᠲᠠᠢ ᠤᠷᠠᠨ ᠵᠢᠷᠤᠭ ᠵᠢᠷᠤᠬᠤ ᠠᠵᠢᠯᠯᠠᠭ᠎ᠠ ᠬᠢᠵᠡᠶ᠃ ᠡᠭᠦᠨ ᠤ | ᠲᠤᠯᠠᠳᠠ ᠣᠨᠴᠠᠭᠠᠶ ᠰᠤᠷᠭᠠᠭᠤᠯᠢ ᠶᠢᠨ ᠬᠡᠤᠬᠡᠳ ᠤᠳ ᠳᠠᠭᠤᠤ ᠪᠠ ᠳᠣᠬᠢᠶᠠᠨ ᠤ ᠬᠡᠯᠡ ᠪᠥᠵᠢᠭ ᠵᠡᠷᠭᠡ ᠤᠳᠬ᠎ᠠ | ᠤᠷᠠᠯᠢᠭ ᠤᠨ ᠫᠷᠤᠭ᠍ᠷᠠᠮ ᠢᠶᠠᠷ ᠬᠠᠯᠠᠭᠤᠨ ᠰᠡᠳᠬᠢᠯᠲᠦ ᠬᠥᠮᠦᠰ ᠲᠤ ᠲᠠᠯᠠᠷᠬᠠᠯ ᠢᠶᠠᠨ ᠢᠯᠡᠳᠬᠡᠵᠡᠶ᠃ |