ᠰᠢ ᠯᠦ ᠲᠢᠶᠠᠨ ᠵᠡᠭᠡᠯᠢ ᠭᠤᠳᠤᠮᠵᠢ 2020 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ ᠵᠢᠴᠢ ᠠᠶᠤᠯᠭᠦᠢ ᠦᠢᠯᠡᠳᠪᠦᠷᠢᠯᠡᠯ ᠤᠨ ᠲᠦᠮᠡᠨ ᠭᠠᠵᠠᠷ ᠤᠨ ᠠᠶᠠᠯᠠᠯ︾᠎ ᠤᠨ ᠠᠵᠢᠯᠯᠠᠭᠠᠨ  ᠡᠬᠢᠯᠡᠬᠦ ᠶᠣᠰᠣᠯᠠᠯ ᠬᠢᠪᠡ
ᠨᠡᠶᠢᠲᠡᠯᠡᠭᠰᠡᠨ ᠴᠠᠭ᠄
2020/6/19
   2020 ᠣᠨ ᠤ 6 ᠰᠠᠷ᠎ᠠ ᠪᠣᠯ  ᠠᠷᠪᠠ ᠶᠢᠰᠦᠳᠡᠭᠴᠢ  ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠰᠠᠷ᠎ᠠ ᠪᠣᠯᠤᠨ᠎ᠠ᠃ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠠᠷᠠᠳ ᠤᠨ ᠪᠠᠴᠢᠮ ᠪᠠᠶᠢᠳᠠᠯ ᠢ ᠠᠷᠭᠠᠴᠠᠬᠤ ᠤᠬᠠᠮᠰᠠᠷ ᠢ ᠴᠢᠩᠭᠠᠳᠬᠠᠬᠤ ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ  ᠳᠡᠭᠡᠭᠰᠢᠯᠡᠭᠦᠯᠵᠦ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠪᠦᠲᠦᠮᠵᠢᠲᠡᠶ  ᠬᠤᠷᠢᠭᠯᠠᠬᠤ ᠶᠢᠨ ᠲᠦᠯᠦᠭᠡ᠂ ᠣᠶᠢᠷ᠎ᠠ ᠳᠤ᠂ ᠰᠢ ᠯᠦ ᠲᠢᠶᠠᠨ ᠵᠡᠭᠡᠯᠢ ᠭᠤᠳᠤᠮᠵᠢ ᠶᠢᠨ ᠹᠦ᠋ ᠠᠨ ᠨᠡᠶᠢᠭᠡᠮ ᠲᠣᠭᠤᠷᠢᠭ ᠤᠨ ᠬᠠᠤᠯᠢ ᠪᠠᠷ ᠵᠠᠰᠠᠬᠤ ᠠᠭᠤᠳᠠᠮ  ᠲᠠᠯᠠᠪᠠᠢ ᠳᠤ  2020 ᠣᠨ ᠤ ︽ ᠠᠶᠤᠯᠭᠦᠢ ᠦᠢᠯᠡᠳᠪᠦᠷᠢᠯᠡᠯ ᠤᠨ ᠰᠠᠷ᠎ᠠ  ᠵᠢᠴᠢ ᠠᠶᠤᠯᠭᠦᠢ ᠦᠢᠯᠡᠳᠪᠦᠷᠢᠯᠡᠯ ᠤᠨ ᠲᠦᠮᠡᠨ ᠭᠠᠵᠠᠷ ᠤᠨ ᠠᠶᠠᠯᠠᠯ︾᠎ ᠤᠨ  ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠶᠠᠪᠤᠭᠤᠯᠵᠤ᠂  ︽ᠠᠳᠡᠯ ᠤᠨ ᠳᠠᠯᠳᠠ ᠬᠡᠮ ᠢ ᠠᠷᠢᠯᠭᠠᠵᠤ ᠠᠮᠤᠷ ᠲᠦᠪᠰᠢᠨ  ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ︾᠎ ᠪᠠᠷ ᠭᠤᠣᠯ ᠰᠡᠳᠦᠪ ᠢᠶᠠᠨ ᠪᠤᠯᠭᠠᠭᠰᠠᠨ ᠪᠠᠶᠢᠨ᠎ᠠ᠃ ᠰᠢ ᠯᠦ ᠲᠢᠶᠠᠨ ᠵᠡᠭᠡᠯᠢ ᠭᠤᠳᠤᠮᠵᠢ ᠶᠢᠨ ᠨᠠᠮ ᠵᠠᠰᠠᠭ ᠤᠨ ᠤᠳᠤᠷᠢᠳᠬᠤ ᠪᠠᠭ᠂  ᠺᠠᠳ᠋ᠷ᠂ ᠰᠠᠶᠢᠨ ᠳᠤᠷ᠎ᠠ ᠶᠢᠨ ᠠᠵᠢᠯᠯᠠᠭᠴᠢ᠂ ᠵᠡᠭᠡᠯᠢ  ᠭᠤᠳᠤᠮᠵᠢ ᠳᠤ ᠰᠠᠭᠤᠭ᠎ᠠ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠡᠷᠭᠡ 60 ᠭᠠᠷᠤᠶ ᠬᠥᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠠᠵᠢᠯᠯᠠᠭ᠎ᠠ ᠡᠬᠢᠯᠡᠬᠦ ᠶᠣᠰᠣᠯᠠᠯ  ᠳᠡᠭᠡᠷ᠎ᠡ ᠵᠡᠭᠡᠯᠢ ᠭᠤᠳᠤᠮᠵᠢ ᠶᠢᠨ ᠨᠠᠮ ᠵᠠᠰᠠᠭ ᠤᠨ ᠤᠳᠤᠷᠢᠳᠤᠯᠭ᠎ᠠ ᠬᠠᠷᠢᠶᠠᠲᠤ ᠣᠷᠣᠨ ᠤ ᠠᠮᠤᠷ ᠲᠦᠪᠰᠢᠨ ᠤ ᠪᠠᠶᠢᠳᠠᠯ ᠤᠨ ᠲᠤᠬᠠᠶ  ᠶᠠᠷᠢᠶ᠎ᠠ ᠲᠠᠯᠪᠢᠵᠤ᠂ ᠶᠣᠰᠣᠯᠠᠯ ᠡᠬᠢᠯᠡᠭᠰᠡᠨ ᠢ ᠲᠤᠩᠬᠠᠭᠯᠠᠵᠠᠶ᠃ ᠬᠠᠷᠢᠶ᠎ᠠ ᠣᠷᠣᠨ ᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠥᠯᠥᠭᠡᠯᠡᠭᠴᠢ ᠲᠤᠬᠠᠶ ᠶᠢᠨ ᠲᠠᠯᠠᠪᠠᠶ ᠳᠤ  ᠪᠠᠰᠠ ᠶᠠᠷᠢᠶ᠎ᠠ ᠲᠠᠯᠪᠢᠵᠠᠶ᠃ ᠪᠦᠬᠦ ᠣᠷᠣᠯᠴᠠᠭᠰᠠᠨ ᠬᠥᠮᠦᠰ ᠳᠡᠰ ᠳᠠᠷᠠᠭᠠᠯᠠᠨ ᠭᠠᠷ ᠤᠨ ᠦᠰᠦᠭ ᠵᠢᠷᠤᠵᠤ ᠠᠮᠠᠯᠠᠬᠤ ᠠᠵᠢᠯᠯᠠᠭ᠎ᠠ  ᠳᠤ ᠤᠷᠤᠯᠴᠠᠨ᠂  ᠡᠯᠧᠺᠲᠷᠣᠨ ᠳᠡᠯᠭᠡᠴᠡ ᠳᠡᠭᠡᠷ᠎ᠡ ᠠᠶᠤᠯᠭᠦᠢ ᠦᠢᠯᠡᠳᠪᠦᠷᠢᠯᠡᠯ  ᠤᠨ ᠤᠬᠠᠭᠤᠯᠭ᠎ᠠ ᠶᠢᠨ ᠹᠢᠯᠢᠮ ᠢ  ᠲᠠᠰᠤᠷᠠᠯᠲᠠ ᠦᠭᠡᠢ ᠨᠡᠪᠲᠡᠷᠡᠭᠦᠯᠵᠦ᠂ ᠠᠶᠤᠯᠭᠦᠶ ᠶᠢᠨ ᠬᠥᠮᠦᠵᠢᠯ ᠤᠨ ᠬᠡᠷᠡᠭ ᠤᠨ ᠵᠢᠱᠢᠶ᠎ᠡ  ᠂ ᠪᠣᠳᠠᠲᠤ  ᠬᠠᠷᠠᠭᠠᠨ ᠳᠠᠪᠲᠠᠮᠵᠢ ᠶᠢᠨ ᠬᠡᠯᠪᠡᠷᠢ ᠵᠡᠷᠭᠡ ᠪᠠᠷ᠂ ᠥᠷᠭᠡᠨ ᠤᠯᠠᠨ ᠲᠦᠮᠡᠨ ᠤ ᠠᠮᠤᠷ ᠲᠦᠪᠰᠢᠨ ᠤ ᠤᠯᠠᠭᠠᠨ ᠱᠤᠭᠤᠮ ᠤᠨ ᠤᠬᠠᠮᠰᠠᠷ ᠢ ᠪᠤᠢ  ᠪᠤᠯᠭᠠᠨ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ  ᠬᠤᠷᠢᠭᠯᠠᠭᠰᠠᠨ ᠪᠠᠶᠢᠨ᠎ᠠ᠃    ᠠᠵᠢᠯᠯᠠᠭᠠᠨ ᠤ ᠠᠬᠤᠶ ᠲᠠᠯᠠᠪᠠᠶ ᠳᠤ  ᠬᠦᠨᠳᠡᠯᠡᠨ ᠤᠶᠠᠩᠭ᠎ᠠ  ᠡᠯᠭᠦᠵᠦ᠂  ᠯᠠᠪᠯᠠᠯᠭ᠎ᠠ ᠶᠢᠨ ᠲᠠᠪᠴᠠᠩ  ᠭᠠᠷᠭᠠᠨ ᠂ ᠰᠠᠭᠤᠭᠠᠯᠢ ᠠᠷᠠᠳ ᠲᠤ 3000 ᠭᠠᠷᠤᠶ ᠬᠤᠪᠢ ᠤᠬᠠᠭᠤᠯᠬᠤ ᠬᠠᠭᠤᠳᠠᠰᠤ ᠲᠠᠷᠬᠠᠭᠠᠵᠤ᠂ ᠣᠯᠠᠨ ᠲᠦᠮᠡᠨ ᠤ ᠢᠳᠡᠪᠬᠢᠵᠢᠯ ᠢ  ᠭᠦᠢᠴᠡᠳ ᠳᠠᠶᠢᠴᠢᠯᠠᠨ᠂ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ  ᠪᠤᠯᠭᠠᠵᠠᠢ᠃    ᠳᠠᠷᠠᠭ᠎ᠠ ᠠᠯᠬᠤᠮ ᠳᠤ᠂ ᠰᠢ ᠯᠦ ᠲᠢᠶᠠᠨ ᠵᠡᠭᠡᠯᠢ ᠭᠤᠳᠤᠮᠵᠢ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠠᠵᠢᠯᠯᠠᠭ᠎ᠠ ᠪᠠᠷ ᠲᠣᠬᠢᠶᠠᠯ ᠪᠣᠯᠭᠠᠵᠤ ᠠᠶᠤᠯᠭᠦᠢ ᠦᠢᠯᠡᠳᠪᠦᠷᠢᠯᠡᠯ  ᠤᠨ ᠵᠢᠷᠭᠤᠭ᠎ᠠ ᠶᠢ ᠣᠷᠣᠭᠤᠯᠬᠤ ᠠᠵᠢᠯᠯᠠᠭ᠎ᠠ ᠶᠢ ᠶᠡᠬᠡᠪᠡᠷ  ᠦᠷᠨᠢᠭᠦᠯᠦᠨ᠎ᠡ᠃ ᠬᠠᠷᠢᠶ᠎ᠠ ᠣᠷᠣᠨ ᠤ ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ  ᠵᠠᠰᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ᠂ ᠭᠤᠤᠯᠳᠠᠯᠭ᠎ᠠ ᠲᠠᠢ ᠣᠷᠣᠨ ᠪᠦᠰᠡ ᠶᠢ ᠲᠣᠭᠤᠷᠢᠨ ᠪᠠᠶᠢᠴᠠᠭᠠᠬᠤ ᠪᠠ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠡᠯ᠎ᠡ ᠲᠥᠷᠥᠯ ᠤᠨ ᠠᠳᠡᠯ ᠤᠨ ᠳᠠᠯᠳᠠ ᠭᠡᠮ ᠤᠨ ᠴᠤᠬᠤᠶᠢᠯᠲᠠ ᠶᠢ ᠡᠷᠡᠰ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯ ᠤᠨ ᠡᠷᠴᠢᠮ ᠢᠶᠠᠨ ᠨᠡᠮᠡᠭᠳᠡᠭᠦᠯᠵᠦ᠂  ᠬᠠᠷᠢᠶ᠎ᠠ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ  ᠰᠠᠶᠢᠵᠢᠷᠠᠬᠤ ᠶᠢ  ᠪᠠᠲᠤᠯᠠᠬᠤ  ᠪᠤᠯᠤᠨ᠎ᠠ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1