ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠭᠤᠤᠯᠳᠠᠯᠭ᠎ᠠ ᠲᠠᠢ ᠠᠵᠤ  ᠦᠢᠯᠡᠳᠪᠦᠷᠢ ᠶᠢᠨ  ᠦᠢᠯᠡᠳᠭᠦᠨ ᠤ ᠶᠠᠰᠤ ᠴᠢᠨᠠᠷ ᠤᠨ ᠠᠮᠤᠷ ᠲᠦᠪᠰᠢᠨ ᠢ  ᠬᠠᠮᠠᠭᠠᠯᠠᠵᠤ ᠪᠣᠢ
ᠨᠡᠶᠢᠲᠡᠯᠡᠭᠰᠡᠨ ᠴᠠᠭ᠄
2020/6/19
ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠶᠤᠯᠲᠠᠶ ᠬᠢᠮᠢ ᠶᠢᠨ ᠪᠣᠳᠠᠰ ᠦᠢᠯᠡᠳᠪᠦᠷᠢᠯᠡᠬᠦ ᠦᠨᠡᠮᠯᠡᠯ ᠣᠯᠤᠭᠰᠠᠨ ᠠᠵᠤ ᠠᠬᠤᠶᠢᠯᠠᠯ ᠤᠨ ᠪᠠᠶᠢᠴᠠᠭᠠᠯᠲᠠ ᠶᠢ ᠥᠷᠨᠢᠭᠦᠯᠵᠦ᠂ ᠭᠤᠤᠯᠳᠠᠯᠭ᠎ᠠ ᠲᠠᠢ ᠠᠵᠤ  ᠦᠢᠯᠡᠳᠪᠦᠷᠢ ᠶᠢᠨ  ᠦᠢᠯᠡᠳᠭᠦᠨ ᠤ ᠶᠠᠰᠤ ᠴᠢᠨᠠᠷ ᠤᠨ ᠠᠮᠤᠷ ᠲᠦᠪᠰᠢᠨ ᠢ  ᠬᠠᠮᠠᠭᠠᠯᠠᠵᠤ ᠪᠣᠢ   ᠭᠤᠤᠯᠳᠠᠯᠭ᠎ᠠ ᠲᠠᠢ ᠠᠵᠤ  ᠦᠢᠯᠡᠳᠪᠦᠷᠢ ᠶᠢᠨ  ᠦᠢᠯᠡᠳᠬᠦᠨ ᠤ ᠶᠠᠰᠤ ᠴᠢᠨᠠᠷ  ᠤᠨ ᠠᠮᠤᠷ ᠲᠦᠪᠰᠢᠨ ᠢ ᠴᠢᠩᠭᠠᠳᠬᠠᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ  ᠶᠢᠨ ᠲᠦᠯᠦᠭᠡ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠠᠷᠢᠶ᠎ᠠ ᠣᠷᠣᠨ ᠤ ᠦᠨᠡᠮᠯᠡᠯ ᠣᠯᠤᠭᠰᠠᠨ ᠠᠶᠤᠯᠲᠠᠶ ᠬᠢᠮᠢ ᠶᠢᠨ  ᠪᠣᠳᠠᠰ  ᠦᠢᠯᠡᠳᠪᠦᠷᠢᠯᠡᠬᠦ ᠠᠵᠤ ᠠᠬᠤᠶᠢᠯᠠᠯ ᠢ  ᠪᠠᠶᠢᠴᠠᠭᠠᠪᠠ᠃     ᠡᠩ ᠲᠡᠷᠢᠭᠦᠨ ᠳᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠥᠪᠡᠷ ᠎ ᠢᠶᠠᠨ ᠪᠠᠶᠢᠴᠠᠭᠠᠵᠤ᠂ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ  ᠦᠢᠯᠡᠳᠬᠦᠨ ᠤ ᠶᠠᠰᠤ ᠴᠢᠨᠠᠷ  ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠴᠢᠳᠠᠪᠤᠷᠢ ᠶᠢ  ᠳᠡᠭᠡᠭᠰᠢᠯᠡᠭᠦᠯᠦᠨ᠂ ᠳᠠᠷᠠᠭ᠎ᠠ ᠨᠢ᠂ ᠬᠠᠤᠯᠢ ᠬᠡᠷᠡᠭᠵᠢᠭᠦᠯᠬᠦ ᠠᠵᠢᠯᠲᠠᠨ ᠠᠴᠠ ᠡᠯ᠎ᠡ ᠠᠶᠤᠯᠲᠠᠶ ᠬᠢᠮᠢ ᠶᠢᠨ ᠪᠣᠳᠠᠰ ᠦᠢᠯᠡᠳᠪᠦᠷᠢᠯᠡᠬᠦ ᠦᠨᠡᠮᠯᠡᠯ ᠣᠯᠤᠭᠰᠠᠨ ᠠᠵᠤ ᠠᠬᠤᠶᠢᠯᠠᠯ ᠳᠤ ᠲᠤᠬᠠᠶ ᠶᠢᠨ ᠭᠠᠵᠠᠷ ᠤᠨ ᠪᠠᠶᠢᠴᠠᠭᠠᠯᠲᠠ ᠥᠷᠨᠢᠭᠦᠯᠪᠡ᠃ ᠪᠠᠶᠢᠴᠠᠭᠠᠬᠤ ᠶᠠᠪᠤᠴᠠ ᠳᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠡᠪᠴᠢᠶ᠎ᠡ᠂ ᠬᠢᠷᠢ ᠬᠡᠮ ᠢ  ᠪᠠᠶᠢᠴᠠᠭᠠᠨ᠂ ᠦᠨᠡᠮᠯᠡᠯ  ᠪᠠᠶᠢᠬᠤ ᠡᠰᠡᠬᠦ ᠂ ᠦᠨᠡᠮᠯᠡᠯ ᠤᠨ ᠬᠤᠭᠤᠴᠠᠭ᠎ᠠ ᠲᠤᠯᠤᠭᠰᠠᠨ ᠪᠣᠯ ᠠᠵᠤ ᠠᠬᠤᠶᠢᠯᠠᠯ ᠳᠤ ᠰᠠᠨᠠᠭᠤᠯᠬᠤ ᠪᠠ ᠰᠢᠪᠠᠳᠠᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠦᠨᠡᠮᠯᠡᠯ ᠤᠨ ᠬᠤᠭᠤᠴᠠᠭ᠎ᠠ ᠨᠢ ᠬᠡᠲᠦᠷᠡᠭᠰᠡᠨ ᠠᠴᠠ ᠪᠣᠯᠵᠣ  ᠦᠨᠡᠮᠯᠡᠯ ᠥᠬᠡᠶ  ᠦᠢᠯᠡᠳᠪᠦᠷᠢᠯᠡᠬᠦ ᠶᠢ  ᠰᠡᠷᠭᠡᠶᠢᠯᠡᠪᠡ᠃    ᠬᠤᠶᠠᠷ ᠲᠤ᠂ ᠠᠵᠤ  ᠦᠢᠯᠡᠳᠪᠦᠷᠢ ᠶᠢᠨ  ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ  ᠰᠢᠰᠲ᠋ᠧᠮ ᠤᠨ ᠠᠵᠢᠯᠯᠠᠭᠠᠨ ᠤ ᠪᠠᠶᠢᠳᠠᠯ ᠢ  ᠪᠠᠶᠢᠴᠠᠭᠠᠪᠠ᠃ ᠬᠡᠷᠡᠭᠵᠢᠭᠦᠯᠬᠦ ᠨᠠᠷᠢᠨ ᠳᠦᠷᠢᠮ ᠶᠣᠰᠣᠭᠠᠷ  ᠦᠢᠯᠡᠳᠪᠦᠷᠢᠯᠡᠯ ᠤᠨ ᠲᠥᠬᠦᠭᠡᠷᠦᠮᠵᠢ ᠪᠠ ᠪᠠᠶᠢᠴᠠᠭᠠᠨ ᠰᠢᠯᠭᠠᠬᠤ ᠲᠥᠬᠦ‌‍ᠭᠡᠷᠦᠮᠵᠢ ᠶᠢ ᠲᠣᠬᠢᠷᠠᠭᠤᠯᠤᠭᠰᠠᠨ ᠡᠰᠡᠬᠦ᠂ ᠲᠥᠬᠦᠭᠡᠷᠦᠮᠵᠢ ᠶᠢᠨ ᠠᠵᠢᠯᠯᠠᠭᠠᠨ ᠨᠢ ᠬᠡᠪ ᠤᠨ᠂ ᠬᠠᠮᠠᠭᠠᠯᠠᠯᠲᠠ ᠨᠢ ᠪᠦᠷᠢᠨ ᠪᠦᠲᠦᠨ  ᠪᠠᠶᠢᠬᠤ ᠡᠰᠡᠬᠦ  ᠂ ᠱᠠᠭᠠᠷᠳᠠᠯᠭ᠎ᠠ ᠶᠣᠰᠣᠭᠠᠷ ᠲᠦᠭᠦᠬᠡᠶ ᠡᠳ᠋ ᠮᠠᠲ᠋ᠧᠷᠢᠶᠠᠯ ᠢ  ᠦᠢᠯᠡᠳᠪᠦᠷᠢ ᠳᠤ ᠣᠷᠣᠭᠤᠯᠬᠤ ᠰᠢᠯᠭᠠᠨ ᠪᠠᠶᠢᠴᠠᠭᠠᠯᠲᠠ᠂ ᠶᠠᠪᠤᠴᠠ ᠶᠢᠨ ᠰᠢᠯᠭᠠᠨ ᠪᠠᠶᠢᠴᠠᠭᠠᠯᠲᠠ ᠵᠢᠴᠢ  ᠦᠢᠯᠡᠳᠪᠦᠷᠢ ᠠᠴᠠ ᠭᠠᠷᠭᠠᠬᠤ ᠰᠢᠯᠭᠠᠨ ᠪᠠᠶᠢᠴᠠᠭᠠᠯᠲᠠ ᠬᠢᠭᠰᠡᠨ ᠡᠰᠡᠬᠦ  ᠵᠡᠷᠭᠡ ᠡᠯ᠎ᠡ  ᠵᠦᠢᠯ ᠤᠨ ᠰᠢᠯᠭᠠᠨ ᠪᠠᠶᠢᠴᠠᠭᠠᠭᠰᠠᠨ ᠲᠤᠭ᠎ᠠ ᠪᠠᠷᠢᠮᠲᠠ ᠶᠢ ᠰᠤᠭᠤᠴᠢᠨ ᠪᠠᠶᠢᠴᠠᠭᠠᠵᠤ᠂ ᠲᠤᠭ᠎ᠠ ᠪᠠᠷᠢᠮᠲᠠ ᠶᠢᠨ ᠦᠨᠡᠨ ᠪᠣᠳᠠᠲᠠᠶ ᠡᠰᠡᠬᠦ ᠶᠢ  ᠪᠠᠶᠢᠴᠠᠭᠠᠪᠠ᠃   ᠭᠤᠷᠪᠠ ᠎ ᠳᠤ᠂ ᠠᠶᠤᠯᠲᠠᠶ ᠬᠢᠮᠢ ᠶᠢᠨ ᠪᠣᠳᠠᠰ ᠢ  ᠦᠢᠯᠡᠳᠪᠦᠷᠢ ᠠᠴᠠ ᠭᠠᠷᠭᠠᠵᠤ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠵᠥᠪ ᠣᠨᠣᠪᠴᠢᠲᠠᠶ ᠲᠣᠳᠣᠷᠬᠠᠶᠢᠯᠠᠭᠰᠠᠨ ᠡᠰᠡᠬᠦ ᠶᠢ ᠬᠠᠷᠭᠤᠭᠤᠯᠤᠨ ᠪᠠᠶᠢᠴᠠᠭᠠᠵᠠᠢ᠃    ᠣᠳᠣ ᠪᠣᠯᠲᠠᠯ᠎ᠠ᠂ ᠲᠤᠰ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯᠲᠠᠨ ᠢ 6 ᠬᠥᠮᠦᠨ ᠤᠳᠠᠭ᠎ᠠ ᠬᠥᠳᠡᠯᠭᠡᠵᠦ᠂ 3 ᠠᠶᠤᠯᠲᠠᠶ ᠬᠢᠮᠢ ᠶᠢᠨ ᠪᠣᠳᠠᠰ ᠦᠢᠯᠡᠳᠪᠦᠷᠢᠯᠡᠬᠦ ᠦᠨᠡᠮᠯᠡᠯ ᠣᠯᠤᠭᠰᠠᠨ ᠠᠵᠤ ᠠᠬᠤᠶᠢᠯᠠᠯ ᠳᠤ ᠪᠠᠶᠢᠴᠠᠭᠠᠯᠲᠠ ᠬᠢᠵᠦ ᠂ 2  ᠠᠰᠠᠭᠤᠳᠠᠯ ᠢ ᠢᠯᠡᠷᠡᠭᠦᠯᠪᠡ᠃ ᠲᠣᠰ ᠲᠣᠪᠴᠢᠶ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠦᠷᠭᠦᠯᠵᠢᠯᠡᠨ ᠮᠥᠷᠳᠡᠬᠦ ᠶᠢᠨ  ᠬᠠᠮᠲᠤ ᠭᠤᠷᠪᠠᠳᠠᠬᠢ ᠡᠲᠡᠭᠡᠳ ᠢ ᠵᠣᠬᠢᠶᠠᠨ ᠪᠠᠶᠢᠭᠤᠯᠵᠤ ᠠᠶᠤᠯᠲᠠᠶ ᠬᠢᠮᠢ ᠶᠢᠨ ᠪᠣᠳᠠᠰ ᠲᠤ ᠬᠢᠨᠠᠯᠲᠠ ᠲᠠᠯᠪᠢᠵᠤ  ᠰᠤᠭᠤᠴᠢᠨ ᠪᠠᠶᠢᠴᠠᠭᠠᠯᠲᠠ ᠥᠷᠨᠢᠭᠦᠯᠦᠨ᠎ᠡ᠃ ︵ᠵᠢᠶᠠ ᠰᠢᠶᠤᠤ ᠵᠢᠦᠸᠠᠨ︶
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1