| | ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ | ᠲᠤᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠲᠠᠢ ᠬᠠᠮᠲᠤᠷᠠᠨ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠲᠤᠭᠤᠷᠢᠭ ᠤᠨ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ ᠶᠢᠨ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ ᠵᠧᠤ ᠶᠠᠨ ᠬᠤᠩ ᠠᠴᠠ | ᠲᠣᠰ ᠲᠣᠪᠴᠢᠶ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠭᠤᠤᠯ ᠠᠷᠭ᠎ᠠ ᠬᠢᠳᠡᠯ ᠵᠢᠴᠢ | ᠣᠯᠤᠭᠰᠠᠨ ᠦᠷ᠎ᠡ ᠪᠦᠲᠦᠮᠵᠢ ᠶᠢ ᠲᠠᠨᠢᠯᠴᠠᠭᠤᠯᠪᠠ᠃ | | | | | ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠡᠬᠢᠯᠡᠭᠰᠡᠨ ᠠᠴᠠ ᠨᠠᠰᠢ᠂ ᠲᠤᠭᠤᠷᠢᠭ ᠤᠨ ᠡᠮ | ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠡᠮ ᠡᠮᠨᠡᠯᠭᠡ ᠶᠢᠨ | ᠬᠡᠷᠡᠭᠴᠡᠭᠡ ᠶᠢ ᠬᠦᠴᠦᠯᠡᠨ ᠪᠠᠲᠤᠯᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ | ᠤᠨ ᠳᠠᠷᠤᠭᠠᠰᠤ ᠶᠢ ᠦᠨᠡᠨᠬᠦ ᠬᠦᠩᠭᠡᠷᠡᠭᠦᠯᠦᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠡᠪᠡᠳᠴᠢᠨ ᠠᠴᠠ | ᠪᠣᠯᠵᠣ ᠶᠠᠳᠠᠭᠤᠷᠠᠬᠤ ᠳᠠᠬᠢᠨ ᠶᠠᠳᠠᠭᠤᠷᠠᠬᠤ ᠶᠢ ᠪᠦᠲᠦᠮᠵᠢᠲᠡᠢ ᠤᠷᠢᠳᠴᠢᠯᠠᠨ ᠰᠡᠷᠭᠡᠶᠢᠯᠡᠵᠦ᠂ ᠡᠮᠴᠢᠯᠡᠭᠡᠨ ᠤ | ᠳᠠᠭᠠᠳᠬᠠᠯ ᠢᠶᠠᠷ ᠶᠠᠳᠠᠭᠤ ᠶᠢ ᠲᠡᠳᠬᠦᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ | ᠨᠢᠭᠡ ᠳᠤ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠠᠭᠠᠳᠬᠠᠯ ᠳᠤ | ᠣᠷᠣᠯᠴᠠᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ ᠳᠠᠩᠰᠠ ᠡᠪᠬᠡᠮᠡᠯ ᠪᠠᠶᠢᠭᠤᠯᠤᠨ | ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶᠡᠨ ᠳᠤ ᠣᠷᠣᠭᠤᠯᠵᠤ᠂ 2020 ᠣᠨ ᠳᠤ 27 ᠬᠥᠮᠦᠨ | ᠡᠮ ᠡᠮᠨᠡᠯᠭᠡ ᠶᠢᠨ ᠠᠪᠤᠷᠠᠨ ᠲᠤᠰᠠᠯᠠᠯᠲᠠ ᠪᠠᠷ ᠳᠠᠮᠵᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ | ᠳᠠᠭᠠᠳᠬᠠᠯ ᠳᠤ ᠣᠷᠣᠯᠴᠠᠵᠤ᠂ ᠲᠤᠭᠤᠷᠢᠭ ᠤᠨ ᠡᠳ᠋ ᠤᠨ ᠵᠠᠰᠠᠭ ᠠᠴᠠ ᠳᠠᠩᠰᠠ ᠡᠪᠬᠡᠮᠡᠯ ᠪᠠ ᠺᠠᠷᠲ ᠲᠠᠢ ᠶᠠᠳᠠᠭᠤ | ᠬᠦᠴᠢᠷᠳᠡᠯᠲᠡᠶ 1984 ᠬᠥᠮᠦᠨ ᠠᠮᠠ ᠳᠤ ᠬᠥᠮᠦᠨ ᠪᠦᠷᠢ 95 ᠲᠥᠭᠦᠷᠢᠭ ᠨᠦᠬᠦᠪᠦᠷᠢᠯᠡᠵᠦ᠂ ᠨᠡᠶᠢᠲᠡ 19.67 | ᠲᠦᠮᠡᠨ ᠲᠥᠭᠦᠷᠢᠭ ᠤᠨ ᠨᠥᠬᠦᠪᠥᠷᠢ ᠮᠥᠩᠭᠦ ᠤᠯᠭᠤᠵᠠᠢ᠃ | ᠬᠤᠶᠠᠷ ᠲᠤ ᠂ ᠬᠦᠨᠳᠦ ᠡᠪᠡᠳᠴᠢᠨ ᠤ ᠳᠠᠭᠠᠳᠬᠠᠯ ᠤᠨ ᠲᠦᠷᠦ ᠶᠢᠨ ᠪᠤᠳᠤᠯᠭ᠎ᠠ ᠶᠢ ᠴᠢᠩᠭ᠎ᠠ | ᠨᠠᠶᠢᠳᠠᠪᠤᠷᠢᠵᠢᠭᠤᠯᠪᠠ᠃ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠬᠦᠨᠳᠦ | ᠡᠪᠡᠳᠴᠢᠨ ᠤ ᠳᠠᠭᠠᠳᠬᠠᠯ ᠤᠨ ᠡᠬᠢᠯᠡᠨ ᠲᠤᠰᠢᠶᠠᠬᠤ ᠱᠤᠭᠤᠮ ᠢ ᠲᠥᠷᠦ ᠶᠢᠨ ᠪᠣᠳᠣᠯᠭ᠎ᠠ ᠶᠢᠨ ᠬᠡᠪᠴᠢᠶᠡᠨ | ᠳᠣᠲᠣᠷ᠎ᠠ 1.4 ᠲᠦᠮᠡᠨ ᠲᠥᠭᠦᠷᠢᠭ ᠠᠴᠠ 0.7 ᠲᠦᠮᠡᠨ ᠲᠥᠭᠦᠷᠢᠭ ᠪᠣᠯᠭᠠᠨ ᠪᠠᠭᠤᠷᠠᠭᠤᠯᠵᠤ᠂ 50% ᠪᠠᠷ | ᠪᠠᠭᠤᠷᠠᠭᠤᠯᠵᠠᠢ︔ ᠲᠠᠩᠰᠠ ᠲᠠᠶᠢᠯᠬᠤ ᠬᠠᠷᠢᠴᠠᠯ ᠤᠨ ᠡᠯ᠎ᠡ ᠬᠡᠰᠡᠭ ᠲᠤ 5 ᠵᠠᠭᠤᠨ ᠤ ᠨᠢᠭᠡᠴᠢ ᠳᠡᠭᠡᠭᠰᠢᠯᠡᠵᠦ᠂ | ᠳᠡᠭᠡᠳᠦ ᠬᠢᠵᠠᠭᠠᠷ ᠭᠠᠷᠭᠠᠬᠤ ᠥᠬᠡᠶ᠃ ᠬᠦᠨᠳᠦ ᠡᠪᠡᠳᠴᠢᠨ ᠤ ᠡᠬᠢᠯᠡᠵᠦ ᠳᠥᠯᠥᠬᠦ ᠪᠠᠷᠢᠮᠵᠢᠶ᠎ᠠ ᠶᠢ ᠪᠠᠭᠤᠷᠠᠭᠤᠯᠵᠤ᠂ | ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠢ ᠳᠡᠭᠡᠭᠰᠢᠯᠡᠭᠦᠯᠵᠦ᠂ ᠲᠠᠩᠰᠠ ᠡᠪᠬᠡᠮᠡᠯ | ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠡᠮ ᠡᠮᠨᠡᠯᠭᠡ ᠶᠢᠨ ᠵᠠᠷᠤᠳᠠᠯ ᠤᠨ | ᠳᠠᠷᠤᠭᠠᠰᠤ ᠶᠢ ᠦᠨᠡᠨ ᠬᠦ ᠬᠥᠩᠭᠡᠷᠡᠭᠦᠯᠪᠡ᠃ | ᠭᠤᠷᠪᠠ ᠳᠤ᠂ ᠬᠤᠳᠠᠯᠳᠤᠭᠠᠨ ᠤ ᠨᠥᠬᠦᠪᠥᠷᠢ ᠡᠮ ᠡᠮᠨᠡᠯᠭᠡ ᠶᠢᠨ ᠳᠠᠭᠠᠳᠬᠠᠯ ᠤᠨ ᠲᠦᠷᠦ ᠶᠢᠨ ᠪᠤᠳᠤᠯᠭ᠎ᠠ ᠶᠢ | ᠴᠢᠩᠭ᠎ᠠ ᠬᠡᠷᠡᠭᠵᠢᠭᠦᠯᠪᠡ᠃ ᠲᠤᠭᠤᠷᠢᠭ ᠤᠨ ᠡᠳ᠋ ᠤᠨ ᠵᠠᠰᠠᠭ ᠠᠴᠠ ᠵᠢᠯ ᠪᠦᠷᠢ ᠳᠠᠩᠰᠠ ᠡᠪᠬᠡᠮᠡᠯ ᠪᠠᠶᠢᠭᠤᠯᠤᠨ | ᠺᠠᠷᠲ ᠠᠪᠤᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠳᠤ ᠬᠤᠳᠠᠯᠳᠤᠭᠠᠨ ᠤ ᠨᠥᠬᠦᠪᠥᠷᠢ ᠡᠮ ᠡᠮᠨᠡᠯᠭᠡ ᠶᠢᠨ | ᠳᠠᠭᠠᠳᠬᠠᠯ ᠬᠤᠳᠠᠯᠳᠤᠨ ᠠᠪᠴᠤ ᠥᠭᠭᠦᠨ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠡᠮᠨᠡᠯᠭᠡ ᠳᠤ ᠰᠠᠭᠤᠭᠰᠠᠨ ᠵᠠᠷᠤᠳᠠᠯ ᠢ ᠦᠨᠳᠦᠰᠦᠨᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ | ᠳᠠᠭᠠᠳᠬᠠᠯ ᠢᠶᠠᠷ ᠲᠠᠩᠰᠠ ᠲᠠᠶᠢᠯᠤᠭᠰᠠᠨ ᠤ ᠳᠠᠷᠠᠭ᠎ᠠ᠂ ᠬᠤᠪᠢ ᠬᠥᠮᠦᠨ ᠤ ᠥᠪᠡᠰᠦᠪᠡᠨ ᠳᠥᠯᠥᠬᠦ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠠᠬᠢ ᠵᠠᠷᠤᠳᠠᠯ ᠨᠢ ᠡᠬᠢᠯᠡᠵᠦ ᠳᠥᠯᠥᠬᠦ ᠱᠤᠭᠤᠮ 1500 ᠲᠥᠭᠦᠷᠢᠭ ᠠᠴᠠ | ᠬᠡᠲᠦᠷᠡᠭᠰᠡᠨ ᠬᠡᠰᠡᠭ ᠢ ᠬᠤᠳᠠᠯᠳᠤᠭᠠᠨ ᠤ ᠳᠠᠭᠠᠳᠬᠠᠯ ᠠᠴᠠ 50%-70% ᠪᠠᠷ ᠬᠡᠰᠡᠭ ᠬᠤᠪᠢᠶᠠᠨ ᠲᠥᠯᠥᠵᠦ᠂ | ᠵᠢᠯ ᠤᠨ ᠳᠣᠲᠣᠷᠠᠬᠢ ᠬᠠᠮᠤᠭ ᠤᠨ ᠥᠨᠳᠥᠷ ᠲᠥᠯᠥᠪᠦᠷᠢ ᠮᠥᠩᠭᠦ ᠨᠢ 103250 ᠲᠥᠭᠦᠷᠢᠭ ᠪᠣᠯᠤᠨ᠎ᠠ᠃ ᠣᠲᠣ | ᠪᠣᠯᠲᠠᠯ᠎ᠠ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ1085 ᠬᠥᠮᠦᠨ ᠤᠳᠠᠭ᠎ᠠ ᠲᠤ | ᠲᠥᠯᠥᠪᠦᠷᠢ ᠥᠭᠴᠦ᠂ ᠨᠡᠶᠢᠲᠡ 155.8 ᠲᠦᠮᠡᠨ ᠲᠥᠭᠦᠷᠢᠭ ᠤᠨ ᠲᠥᠯᠥᠪᠦᠷᠢ ᠥᠭᠴᠡᠶ᠃ | ᠳᠥᠷᠪᠡ ᠳᠤ ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠡᠮᠴᠢᠯᠡᠭᠡᠨ ᠤ | ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠤᠷᠤᠭᠤᠯᠵᠠᠢ᠃ ᠳᠠᠩᠰᠠ ᠡᠪᠬᠡᠮᠡᠯ ᠪᠠᠶᠢᠭᠤᠯᠤᠨ | ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠬᠦᠨᠳᠦ ᠣᠨᠴᠠ ᠶᠡᠭᠡ ᠡᠪᠡᠳᠴᠢᠨ ᠳᠤ ᠨᠡᠷᠪᠡᠭᠳᠡᠭᠡᠳ | ᠡᠮᠨᠡᠯᠭᠡ ᠳᠤ ᠰᠠᠭᠤᠭᠰᠠᠨ ᠡᠮᠨᠡᠯᠭᠡ ᠶᠢᠨ ᠵᠠᠷᠤᠳᠠᠯ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ | ᠡᠪᠡᠳᠴᠢᠨ ᠤ ᠳᠠᠭᠠᠳᠬᠠᠯ᠂ ᠬᠤᠳᠠᠯᠳᠤᠭᠠᠨ ᠤ ᠨᠥᠬᠦᠪᠥᠷᠢ ᠳᠠᠭᠠᠳᠬᠠᠯ ᠤᠨ ᠳᠠᠩᠰᠠ ᠲᠠᠶᠢᠯᠤᠭᠰᠠᠨ ᠤ ᠳᠠᠷᠠᠭᠠᠬᠢ | ᠬᠤᠪᠢ ᠬᠥᠮᠦᠨ ᠤ ᠡᠭᠦᠷᠭᠡᠯᠡᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮ ᠡᠮᠨᠡᠯᠭᠡ ᠶᠢᠨ ᠵᠠᠷᠤᠳᠠᠯ ᠢ | ᠠᠪᠤᠷᠠᠨ ᠲᠤᠰᠠᠯᠠᠬᠤ ᠬᠢᠵᠠᠭᠠᠷ ᠲᠤᠭ᠎ᠠ ᠶᠢᠨ ᠳᠣᠲᠣᠷ᠎ᠠ 7 0% ᠠᠴᠠ ᠳᠣᠤᠷ᠎ᠠ ᠦᠭᠡᠢ ᠬᠠᠷᠢᠴᠠᠯ ᠢᠶᠠᠷ ᠠᠪᠤᠷᠠᠨ | ᠲᠤᠰᠠᠯᠠᠨ᠎ᠠ᠃ ᠠᠪᠤᠷᠠᠨ ᠲᠤᠰᠠᠯᠠᠬᠤ ᠡᠬᠢᠯᠡᠵᠦ ᠥᠭᠬᠦ ᠱᠤᠭᠤᠮ ᠭᠠᠷᠭᠠᠬᠤ ᠦᠭᠡᠢ᠃ ᠮᠠᠨ ᠤ ᠲᠤᠭᠤᠷᠢᠭ ᠤᠨ ᠡᠮ | ᠡᠮᠨᠡᠯᠭᠡ ᠶᠢᠨ ᠠᠪᠤᠷᠠᠨ ᠲᠤᠰᠠᠯᠠᠯᠲᠠ ᠨᠢᠭᠡᠨᠲᠡ ᠲᠠᠩᠰᠠ ᠪᠠ ᠺᠠᠷᠲ ᠲᠠᠢ ᠶᠠᠳᠠᠭᠤ ᠬᠥᠮᠦᠨ ᠠᠮᠠ ᠶᠢ 1518 | ᠬᠥᠮᠦᠨ ᠤᠳᠠᠭ᠎ᠠ ᠠᠪᠤᠷᠠᠨ ᠲᠤᠰᠠᠯᠠᠵᠤ᠂ ᠠᠪᠤᠷᠠᠨ ᠲᠤᠰᠠᠯᠠᠭᠰᠠᠨ ᠪᠠᠯᠠ ᠮᠥᠩᠭᠦ ᠨᠡᠶᠢᠲᠡ 177.6 ᠲᠦᠮᠡᠨ | ᠲᠥᠭᠦᠷᠢᠭ ᠬᠦᠷᠦᠭᠰᠡᠨ ᠪᠠᠶᠢᠨ᠎ᠠ᠃ | | ᠲᠠᠪᠤ ᠳᠤ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠵᠦᠢᠯ ᠢ | ᠪᠠᠲᠤᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ᠃ ᠳᠠᠩᠰᠠ ᠡᠪᠬᠡᠮᠡᠯ ᠪᠠᠶᠢᠭᠤᠯᠤᠨ ᠺᠠᠷᠲ | ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ 25 ᠵᠦᠢᠯ ᠤᠨ ᠬᠦᠨᠳᠦ ᠡᠪᠡᠳᠴᠢᠳᠡᠨ ᠢ ᠲᠥᠪᠯᠡᠷᠡᠭᠦᠯᠦᠨ | ᠠᠪᠤᠷᠠᠨ ᠵᠠᠰᠠᠬᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ | ᠬᠤᠳᠠᠯᠳᠤᠭᠠᠨ ᠤ ᠨᠥᠬᠦᠪᠥᠷᠢ ᠳᠠᠭᠠᠳᠬᠠᠯ᠂ ᠦᠨᠳᠦᠰᠦᠨ ᠵᠦᠢᠯ ᠢ ᠪᠠᠲᠤᠯᠠᠬᠤ ᠰᠠᠭᠤᠷᠢ ᠮᠥᠩᠭᠦ ᠵᠡᠷᠭᠡ ᠣᠯᠠᠨ | ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠᠷ ᠳᠠᠮᠵᠢᠨ᠂ ᠡᠮᠨᠡᠯᠭᠡ ᠳᠤ ᠰᠠᠭᠤᠭᠰᠠᠨ ᠵᠠᠷᠤᠳᠠᠯ ᠤᠨ ᠪᠣᠳᠠᠲᠠᠶ ᠲᠠᠩᠰᠠ | ᠲᠠᠶᠢᠯᠬᠤ ᠬᠠᠷᠢᠴᠠᠯ ᠢ 90% ᠳᠤ ᠬᠦᠷᠦᠭᠦᠯᠦᠨ᠎ᠡ᠃ ᠳᠠᠩᠰᠠ ᠡᠪᠬᠡᠮᠡᠯ ᠪᠠᠶᠢᠭᠤᠯᠤᠨ ᠺᠠᠷᠲ ᠲᠠᠢ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠡᠮᠨᠡᠯᠭᠡ ᠳᠤ ᠰᠠᠭᠤᠨ ᠡᠮᠨᠡᠨ ᠵᠠᠰᠠᠭᠤᠯᠵᠤ᠂ ᠬᠦᠨᠳᠦ ᠡᠪᠡᠳᠴᠢᠨ ᠤ ᠳᠠᠭᠠᠳᠬᠠᠯ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠪᠠᠷ ᠳᠠᠩᠰᠠ ᠲᠠᠶᠢᠯᠤᠭᠰᠠᠨ ᠤ ᠳᠠᠷᠠᠭ᠎ᠠ᠂ | ᠬᠤᠳᠠᠯᠳᠤᠭᠠᠨ ᠤ ᠡᠷᠡᠭᠦᠯ ᠮᠡᠨᠳᠦ ᠶᠢᠨ ᠨᠥᠬᠦᠪᠥᠷᠢ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠢᠴᠢ | ᠬᠦᠨᠳᠦ ᠡᠪᠡᠳᠴᠢᠨ ᠤ ᠦᠨᠳᠦᠰᠦᠨ ᠵᠦᠢᠯ ᠢ ᠪᠠᠲᠤᠯᠠᠬᠤ ᠰᠠᠭᠤᠷᠢ ᠮᠥᠩᠭᠦ ᠠᠴᠠ ᠦᠨᠳᠦᠰᠦᠨ ᠵᠦᠢᠯ ᠢ | ᠪᠠᠲᠤᠯᠠᠬᠤ ᠪᠠᠲᠤᠯᠠᠭ᠎ᠠ ᠬᠢᠨ᠎ᠡ᠃ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠡᠬᠢᠯᠡᠵᠦ ᠥᠭᠬᠦ ᠱᠤᠭᠤᠮ ᠤᠨ ᠰᠠᠭᠤᠷᠢᠨ ᠳᠡᠭᠡᠷ᠎ᠡ᠂ ᠡᠮᠨᠡᠯᠭᠡ ᠳᠤ ᠰᠠᠭᠤᠭᠰᠠᠨ ᠵᠠᠷᠤᠳᠠᠯ ᠤᠨ | ᠪᠣᠳᠠᠲᠠᠶ ᠲᠠᠩᠰᠠ ᠲᠠᠶᠢᠯᠬᠤ ᠬᠠᠷᠢᠴᠠᠯ ᠢ 90% ᠣᠷᠴᠢᠮ ᠳᠤ ᠬᠦᠷᠦᠭᠦᠯᠦᠨ᠎ᠡ᠃ ᠪᠤᠰᠤᠳ ᠳᠠᠩᠰᠠ ᠡᠪᠬᠡᠮᠡᠯ | ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠡᠪᠡᠳᠴᠢᠯᠡᠭᠡᠳ ᠡᠮᠨᠡᠯᠭᠡ ᠳᠤ ᠰᠠᠭᠤᠵᠤ | ᠡᠮᠨᠡᠭᠦᠯᠬᠦ ᠴᠢᠬᠤᠯᠠᠲᠠᠶ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠰᠢᠭᠤ | ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ᠂ ᠬᠤᠲᠠ ᠶᠢᠨ ᠱᠠᠲᠤᠨ ᠤ ᠡᠮᠨᠡᠯᠭᠡ ᠶᠢᠨ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠲᠠᠰ ᠵᠢᠴᠢ ᠣᠷᠣᠨ ᠤ ᠭᠠᠳᠠᠨᠠᠬᠢ ᠡᠮᠨᠡᠯᠭᠡ ᠶᠢᠨ ᠬᠤᠷᠢᠶᠠᠨ ᠳᠤ ᠡᠮᠨᠡᠯᠭᠡ ᠳᠤ ᠰᠠᠭᠤᠨ | ᠡᠮᠨᠡᠭᠦᠯᠪᠡᠯ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢᠶᠠᠷ ᠳᠠᠮᠵᠢᠨ ᠳᠠᠩᠰᠠ ᠲᠠᠶᠢᠯᠤᠭᠰᠠᠨ ᠤ ᠳᠠᠷᠠᠭ᠎ᠠ᠂ | ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠥᠪᠡᠷ ᠢᠶᠠᠷ ᠥᠭᠬᠦ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠬᠢᠯᠡᠵᠦ ᠥᠭᠬᠦ ᠱᠤᠭᠤᠮ ᠤᠨ ᠰᠠᠭᠤᠷᠢᠨ ᠳᠡᠭᠡᠷ᠎ᠡ᠂ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠦᠨ ᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ | ᠰᠠᠭᠤᠭᠰᠠᠨ ᠵᠠᠷᠤᠳᠠᠯ ᠤᠨ ᠥᠪᠡᠷ ᠲᠡᠭᠡᠨ ᠲᠤᠰᠢᠶᠠᠬᠤ ᠬᠠᠮᠤᠭ ᠤᠨ ᠳᠡᠭᠡᠳᠦ ᠬᠡᠮᠵᠢᠶ᠎ᠡ ᠨᠢ ᠲᠤᠰ ᠲᠤᠰ 1000 | ᠲᠥᠭᠦᠷᠢᠭ᠂ 2000 ᠲᠥᠭᠦᠷᠢᠭ᠂ 3000 ᠲᠥᠭᠦᠷᠢᠭ᠂ 4000 ᠲᠥᠭᠦᠷᠢᠭ᠂ 5000 ᠲᠦᠭᠦᠷᠢᠭ ᠪᠠᠶᠢᠵᠤ | ᠂ ᠬᠡᠲᠦᠷᠡᠭᠰᠡᠨ ᠬᠡᠰᠡᠭ ᠤᠨ ᠡᠮᠨᠡᠯᠭᠡ ᠶᠢᠨ ᠵᠠᠷᠤᠳᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠨᠢ 90% ᠣᠷᠴᠢᠮ | ᠪᠣᠯᠤᠨ᠎ᠠ᠃ ᠣᠨ ᠤ ᠳᠣᠲᠣᠷ᠎ᠠ ᠠᠳᠠᠯᠢ ᠪᠤᠰᠤ ᠳᠡᠰ ᠤᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠨ ᠵᠠᠰᠠᠬᠤ ᠳᠤ᠂ | ᠬᠤᠪᠢ ᠬᠥᠮᠦᠨ ᠤ ᠥᠪᠡᠷ ᠲᠡᠭᠡᠨ ᠥᠭᠬᠦ ᠬᠢᠵᠠᠭᠠᠷ ᠤᠨ ᠳᠡᠭᠡᠳᠦ ᠬᠡᠮᠵᠢᠶ᠎ᠡ ᠶᠢ ᠳᠠᠩᠰᠠ ᠡᠪᠬᠡᠮᠡᠯ ᠪᠠᠶᠢᠭᠤᠯᠤᠨ ᠺᠠᠷᠲ | ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠪᠡᠳᠴᠢᠨ ᠦᠵᠡᠭᠦᠯᠬᠦ ᠬᠠᠮᠤᠭ ᠤᠨ ᠳᠡᠭᠡᠳᠦ ᠳᠡᠰ ᠤᠨ | ᠡᠮᠴᠢᠯᠡᠭᠡᠨ ᠤ ᠪᠠᠶᠢᠭᠤᠯᠤᠮᠵᠢ ᠪᠠᠷ ᠲᠣᠭᠲᠠᠭᠠᠨ᠎ᠠ᠃ | ᠡᠮᠴᠢᠯᠡᠭᠡᠨ ᠤ ᠵᠠᠷᠤᠳᠠᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ | ᠲᠤᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠠᠴᠠ ᠲᠠᠩᠰᠠ ᠪᠠ ᠺᠠᠷᠲ ᠲᠠᠢ ᠶᠠᠳᠠᠭᠤ | ᠬᠦᠴᠢᠷᠳᠡᠯᠲᠡᠢ ᠬᠥᠮᠦᠨ ᠠᠮᠠ ᠳᠤ 2627 ᠬᠥᠮᠦᠨ ᠤᠳᠠᠭ᠎ᠠ ᠶᠢ ᠪᠠᠲᠤᠯᠠᠨ ᠥᠭᠴᠦ᠂ ᠨᠡᠶᠢᠲᠡ 99.8 ᠲᠦᠮᠡᠨ | ᠲᠥᠭᠦᠷᠢᠭ ᠤᠨ ᠰᠠᠭᠤᠷᠢ ᠮᠥᠩᠭᠦ ᠶᠢ ᠥᠭᠪᠡ᠃ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ | ᠬᠦᠴᠢᠷᠳᠡᠯᠲᠡᠶ ᠬᠥᠮᠦᠨ ᠠᠮᠠ ᠶᠢᠨ ᠡᠮᠨᠡᠯᠭᠡ ᠳᠤ ᠰᠠᠭᠤᠭᠰᠠᠨ ᠵᠠᠷᠤᠳᠠᠯ ᠢ ᠦᠨᠳᠦᠰᠦᠨ ᠡᠮᠨᠡᠯᠭᠡ ᠶᠢᠨ ᠳᠠᠭᠠᠳᠬᠠᠯ᠂ | ᠬᠦᠨᠳᠦ ᠡᠪᠡᠳᠴᠢᠨ ᠤ ᠳᠠᠭᠠᠳᠬᠠᠯ᠂ ᠬᠤᠳᠠᠯᠳᠤᠭᠠᠨ ᠤ ᠨᠥᠬᠦᠪᠥᠷᠢ ᠡᠮᠨᠡᠯᠭᠡ ᠶᠢᠨ ᠳᠠᠭᠠᠳᠬᠠᠯ᠂ ᠡᠮᠴᠢᠯᠡᠭᠡᠨ ᠤ | ᠠᠪᠤᠷᠠᠨ ᠲᠤᠰᠠᠯᠠᠯᠲᠠ᠂ ᠤᠯᠠᠭᠠᠨ ᠵᠠᠭᠠᠯᠮᠠᠢᠲᠠᠨ ᠤ ᠨᠡᠶᠢᠭᠡᠮᠯᠢᠭ᠂ ᠦᠨᠳᠦᠰᠦᠨ ᠵᠦᠢᠯ ᠢ ᠪᠠᠲᠤᠯᠠᠬᠤ ᠲᠥᠷᠥ ᠶᠢᠨ | ᠪᠣᠳᠣᠯᠭ᠎ᠠ ᠪᠠᠷ ᠳᠠᠩᠰᠠ ᠲᠠᠶᠢᠯᠤᠭᠰᠠᠨ ᠤ ᠳᠠᠷᠠᠭ᠎ᠠ᠂ ᠲᠠᠩᠰᠠ ᠲᠠᠶᠢᠯᠬᠤ ᠪᠣᠳᠠᠲᠠᠶ ᠬᠠᠷᠢᠴᠠᠯ 83.97% ᠳᠤ | ᠬᠦᠷᠴᠡᠶ᠃ | ᠵᠢᠷᠭᠤᠭ᠎ᠠ ᠳᠤ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠡᠮᠨᠡᠯᠭᠡ ᠳᠤ ᠰᠠᠭᠤᠬᠤ ᠳᠤ ︽ᠤᠷᠢᠳᠠᠪᠠᠷ ᠣᠨᠣᠰᠢᠯᠠᠨ ᠡᠮᠨᠡᠭᠦᠯᠵᠦ᠂ ᠳᠠᠷᠠᠭ᠎ᠠ ᠨᠢ ᠵᠠᠷᠤᠳᠠᠯ ᠲᠤᠰᠢᠶᠠᠬᠤ | ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠨᠢᠭᠡ ᠥᠷᠲᠡᠭᠡ ᠮᠠᠶ᠋ᠢᠭ︾᠂ ︽ᠨᠢᠭᠡ ᠴᠣᠩᠬᠤ︾᠂ ︽ | ᠭᠠᠭᠴᠠ ᠳᠦᠷᠢᠮ︾ ᠢᠶᠠᠷ ᠳ᠋ᠦᠩᠨᠡᠨ ᠪᠣᠳᠣᠬᠤ ᠦᠢᠯᠡᠴᠢᠯᠡᠭᠡ ᠶᠢ ᠬᠡᠷᠡᠭᠵᠢᠭᠦᠯᠪᠡ᠃ ᠳᠠᠩᠰᠠᠯᠠᠵᠤ ᠺᠠᠷᠲᠯᠠᠭᠰᠠᠨ | ᠶᠠᠳᠠᠭᠤ ᠬᠦᠴᠢᠷᠳᠡᠯᠲᠡᠶ ᠬᠥᠮᠦᠨ ᠠᠮᠠ ᠶᠤᠸᠠᠨ ᠪᠦᠦ ᠱᠠᠨ ᠲᠣᠭᠤᠷᠢᠭ ᠲᠤ ᠡᠮᠨᠡᠯᠭᠡ ᠳᠤ ᠰᠠᠭᠤᠬᠤ ᠣᠶᠢᠶ᠎ᠠ ᠳᠤ | ᠡᠮᠨᠡᠯᠭᠡ ᠳᠤ ᠰᠠᠭᠤᠬᠤ ᠪᠠᠷᠢᠴᠠᠭᠠᠨ ᠤ ᠮᠥᠩᠭᠦ ᠲᠤᠰᠢᠶᠠᠬᠤ ᠬᠡᠷᠡᠭ ᠦᠭᠡᠢ᠂ ︽ᠤᠷᠢᠳᠠᠪᠠᠷ ᠣᠨᠣᠰᠢᠯᠠᠨ ᠡᠮᠨᠡᠭᠦᠯᠵᠦ᠂ | ᠳᠠᠷᠠᠭ᠎ᠠ ᠨᠢ ᠵᠠᠷᠤᠳᠠᠯ ᠲᠤᠰᠢᠶᠠᠬᠤ︾ ᠶᠢ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠤᠨ | ᠳ᠋ᠦᠩᠨᠡᠨ ᠪᠣᠳᠣᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ︽ᠨᠢᠭᠡ ᠴᠣᠩᠬᠤᠪᠴᠢ︾᠂ ︽ᠨᠢᠭᠡ ᠥᠷᠲᠡᠭᠡ ᠮᠠᠶ᠋ᠢᠭ︾᠂ | ︽ᠭᠠᠭᠴᠠ ᠲᠦᠷᠢᠮ︾ ᠤᠨ ᠳ᠋ᠦᠩᠨᠡᠨ ᠪᠣᠳᠣᠯᠲᠠ ᠶᠢ ᠳᠠᠷᠦ᠋ᠢᠬᠠᠨ ᠡᠬᠢᠯᠡᠭᠦᠯᠵᠦ᠂ ᠲᠠᠩᠰᠠ ᠪᠠ ᠺᠠᠷᠲ ᠲᠠᠢ | ᠶᠠᠳᠠᠭᠤ ᠬᠦᠴᠢᠷᠳᠡᠯᠲᠡᠶ ᠬᠥᠮᠦᠨ ᠠᠮᠠ ᠶᠢ ᠡᠮᠨᠡᠯᠭᠡ ᠠᠴᠠ ᠭᠠᠷᠤᠭᠰᠠᠨ ᠤ ᠳᠠᠷᠠᠭ᠎ᠠ ᠵᠥᠪᠬᠡᠨ ᠥᠪᠡᠷ ᠤᠨ | ᠲᠤᠰᠢᠶᠠᠪᠠᠰᠤ ᠵᠣᠬᠢᠬᠤ ᠡᠮᠴᠢᠯᠡᠭᠡᠨ ᠤ ᠵᠠᠷᠤᠳᠠᠯ ᠢᠶᠠᠨ ᠪᠤᠳᠤᠪᠠᠯ ᠪᠤᠯᠴᠢᠬᠠᠨ᠎ᠠ᠃ ᠳᠠᠩᠰᠠᠯᠠᠵᠤ ᠺᠠᠷᠲᠯᠠᠭᠰᠠᠨ | ᠶᠠᠳᠠᠭᠤ ᠬᠦᠴᠢᠷᠳᠡᠯᠲᠡᠶ ᠬᠥᠮᠦᠨ ᠠᠮᠠ ᠶᠤᠸᠠᠨ ᠪᠦᠦ ᠱᠠᠨ ᠲᠣᠭᠤᠷᠢᠭ ᠤᠨ ᠭᠠᠳᠠᠨ᠎ᠠ ᠡᠮᠨᠡᠯᠭᠡ ᠳᠤ ᠰᠠᠭᠤᠵᠤ | ᠡᠮᠨᠡᠭᠦᠯᠦᠭᠡᠳ ᠡᠮᠨᠡᠯᠭᠡ ᠠᠴᠠ ᠭᠠᠷᠬᠤ ᠦᠶ᠎ᠡ ᠳᠤ ᠵᠥᠪᠬᠡᠨ ᠤᠲᠠᠰᠤ ᠪᠠᠷ ᠨᠢᠭᠡᠨᠲᠡ ᠡᠮᠨᠡᠯᠭᠡ ᠠᠴᠠ ᠭᠠᠷᠤᠭᠰᠠᠨ ᠢ | ᠮᠡᠳᠡᠭᠦᠯᠪᠡᠯ᠂ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠠᠷᠤᠶ ᠡᠮᠨᠡᠯᠭᠡ ᠠᠴᠠ ᠭᠠᠷᠬᠤ | ᠮᠡᠳᠡᠭᠡ ᠵᠠᠩᠭᠢ ᠶᠢ ᠴᠠᠭ ᠲᠤᠬᠠᠶ ᠳᠤᠨᠢ ︽ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠳ᠋ᠦᠩᠨᠡᠨ ᠪᠤᠳᠤᠬᠤ | ᠰᠢᠰᠲ᠋ᠧᠮ︾ ᠳᠤ ᠪᠢᠴᠢᠵᠦ ᠣᠷᠣᠭᠤᠯᠤᠨ᠎ᠠ᠃ ᠡᠪᠡᠳᠴᠢᠲᠡᠨ ᠰᠢᠭᠤᠳ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ | ᠳ᠋ᠦᠩᠨᠡᠨ ᠪᠤᠳᠤᠬᠤ ᠲᠥᠪ ᠲᠤ ᠬᠦᠷᠴᠦ ᠳ᠋ᠦᠩᠨᠡᠨ ᠪᠤᠳᠤᠪᠠᠯ ᠪᠣᠯᠴᠢᠬᠠᠨ᠎ᠠ᠃ | ᠵᠧᠤ ᠶᠠᠨ ᠬᠤᠩ ᠲᠠᠨᠢᠯᠴᠠᠭᠤᠯᠬᠤ ᠳᠠᠭᠠᠨ᠂ ᠳᠠᠷᠠᠭ᠎ᠠ ᠠᠯᠬᠤᠮ ᠳᠤ᠂ ᠲᠤᠭᠤᠷᠢᠭ ᠤᠨ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ ︽ᠤᠷᠢᠳᠠᠪᠠᠷ ᠣᠨᠣᠰᠢᠯᠠᠨ ᠡᠮᠨᠡᠭᠦᠯᠵᠦ ᠳᠠᠷᠠᠭ᠎ᠠ ᠨᠢ ᠰᠦᠶ᠋ᠳᠬᠡᠯ ᠲᠤᠰᠢᠶᠠᠬᠤ︾ ᠪᠠ ︽ | ᠨᠢᠭᠡ ᠥᠷᠲᠡᠭᠡᠨ ᠤ ᠬᠡᠯᠪᠡᠷᠢ︾᠂ ︽ᠨᠢᠭᠡ ᠴᠤᠩᠬᠤᠪᠴᠢ︾᠂ ︽ ᠭᠠᠭᠴᠠ ᠳᠦᠷᠢᠮ︾ ᠢᠶᠠᠷ ᠳ᠋ᠦᠩᠨᠡᠨ | ᠪᠣᠳᠣᠬᠤ ᠪᠠ ᠡᠯ᠎ᠡ ᠵᠦᠢᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠴᠢᠩᠭ᠎ᠠ | ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ | ᠡᠭᠦᠷᠭᠡᠲᠦ ᠰᠡᠳᠬᠢᠯᠭᠡ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ | ᠣᠯᠬᠤ ᠳᠤ ᠬᠦᠴᠦᠨ ᠨᠡᠮᠡᠷᠢᠯᠡᠨ᠎ᠡ ᠭᠡᠵᠡᠢ᠃ ︵ᠯᠢ ᠯᠢᠨ ᠯᠦ᠂ ᠶᠠᠩ ᠶᠤᠸᠠᠢ᠂ ᠵᠠᠩ ᠵᠢᠩ ᠢᠦᠶ︶ |