| | ᠲᠠᠶᠢᠯᠤᠮᠵᠢ ᠬᠢᠬᠦ ᠪᠢᠴᠢᠭ ᠮᠠᠲ᠋ᠧᠷᠢᠶᠠᠯ᠄ ︽2019 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ︾ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ | ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠤᠯᠠᠭᠠᠨᠬᠠᠳᠠ ᠬᠤᠲᠠ ᠶᠢᠨ ᠨᠠᠮ ᠤᠨ | ᠬᠤᠷᠢᠶ᠎ᠠ ᠵᠠᠰᠠᠭ ᠤᠨ ᠣᠷᠳᠣᠨ ᠤ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠬᠡᠷᠡᠭᠵᠢᠭᠦᠯᠬᠦ ᠲᠣᠪᠴᠢ ︵2015 — 2020 ᠣᠨ︶︾ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠰᠢᠨ᠎ᠡ | ᠠᠬᠢᠴᠠ ᠲᠠᠢ ᠪᠣᠯᠪᠠ᠃ ᠣᠳᠣ ᠭᠤᠣᠯ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ᠠᠬᠤᠶ ᠪᠠᠶᠢᠳᠠᠯ ᠤᠨ ᠦᠨᠳᠦᠰᠦᠯᠡᠯ᠄ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠬᠤᠲᠠ ᠶᠢᠨ | ᠵᠠᠰᠠᠭ ᠤᠨ ᠣᠷᠳᠣᠨ ᠤ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ | ᠬᠥᠲᠥᠯᠪᠦᠷᠢ ︵2015 — 2020 ᠣᠨ︶︾ ᠶᠢ ᠦᠨᠳᠦᠰᠦᠯᠡᠵᠦ ᠲᠣᠰ ᠠᠵᠢᠯ ᠤᠨ ᠮᠡᠳᠡᠭᠦᠯᠦᠯᠲᠡ ᠶᠢ | ᠬᠢᠪᠡ᠃ | ᠬᠤᠶᠠᠷ᠂ ᠭᠤᠤᠯ ᠠᠭᠤᠯᠭ᠎ᠠ᠄ | ︵ᠨᠢᠭᠡ︶ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠪᠦᠬᠦ ᠲᠠᠯ᠎ᠠ ᠪᠠᠷ | ᠭᠦᠢᠴᠡᠳᠬᠡᠨ᠎ᠡ | ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠷᠢᠮ ᠢ ᠲᠡᠭᠦᠯᠳᠡᠷᠵᠢᠭᠦᠯᠦᠨ᠎ᠡ | ︵ᠭᠤᠷᠪᠠ︶ ᠵᠠᠰᠠᠭ ᠵᠠᠬᠢᠷᠭᠠᠨ ᠤ ᠰᠢᠢᠳᠪᠦᠷᠢ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯ᠂ | ᠬᠠᠤᠯᠢ ᠪᠠᠷ ᠵᠠᠰᠠᠬᠤ ᠶᠢ ᠲᠦᠯᠬᠢᠨ ᠠᠬᠢᠭᠤᠯᠤᠨ᠎ᠠ | ︵ᠲᠦᠷᠪᠡ︶ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ | ᠪᠠᠷᠢᠮᠲᠠᠯᠠᠨ᠎ᠠ | ︵ᠲᠠᠪᠤ︶ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠠ ᠬᠢᠨᠠᠯᠲᠠ ᠶᠢ ᠴᠢᠩᠭᠠᠷᠠᠭᠤᠯᠤᠨ᠎ᠠ | ︵ᠵᠢᠷᠭᠤᠭ᠎ᠠ︶ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠪᠦᠲᠦᠮᠵᠢᠲᠡᠶ ᠰᠢᠢᠳᠪᠦᠷᠢᠯᠡᠨ᠎ᠡ | ︵ᠲᠤᠯᠤᠭ᠎ᠠ︶ ᠵᠠᠰᠠᠭ ᠤᠨ ᠣᠷᠳᠣᠨ ᠤ ᠠᠵᠢᠯᠳᠠᠨ ᠤ ᠬᠠᠤᠯᠢ ᠶᠣᠰᠣᠭᠠᠷ ᠰᠡᠳᠬᠢᠬᠦ ᠪᠠ ᠬᠠᠤᠯᠢ ᠶᠣᠰᠣᠭᠠᠷ | ᠵᠠᠰᠠᠭ ᠶᠠᠪᠤᠭᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ | ︵ ᠨᠠᠢᠮᠠ︶ 2020 ᠣᠨ ᠤ ᠭᠤᠤᠯᠳᠠᠯᠭ᠎ᠠ ᠲᠠᠢ ᠠᠵᠢᠯ | ᠭᠤᠷᠪᠠ᠂ ᠵᠢᠱᠢᠭᠰᠡᠨ ᠬᠠᠷᠠᠯᠲᠠ | ᠬᠠᠤᠯᠢ ᠶᠣᠰᠣᠭᠠᠷ ᠰᠢᠢᠳᠪᠦᠷᠢ ᠪᠣᠳᠣᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ | ᠡᠩᠨᠡᠭᠡᠨ ᠤ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ | ᠬᠠᠤᠯᠢᠵᠢᠭᠤᠯᠬᠤ᠂ ᠵᠢᠷᠤᠮᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠶᠤᠸᠠᠨ ᠪᠦᠦ ᠱᠠᠨ ᠲᠣᠭᠤᠷᠢᠭ ᠤᠨ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠦᠬᠦᠯᠢ ᠴᠤᠭᠴᠠ ᠶᠢᠨ ᠬᠢᠷᠢ ᠲᠦᠪᠰᠢᠨ ᠢ | ᠴᠢᠷᠮᠠᠶᠢᠨ ᠳᠡᠭᠡᠭᠰᠢᠯᠡᠭᠦᠯᠦᠨ᠎ᠡ᠃ |