︽ᠶᠤᠸᠠᠨ ᠪᠦᠦ ᠱᠠᠨ ᠲᠣᠭᠤᠷᠢᠭ ᠤᠨ 2020 ᠣᠨ ᠤ ᠭᠠᠵᠠᠷ  ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠰᠦᠯ︾᠎ ᠤᠨ ᠲᠥᠷᠥ ᠶᠢᠨ ᠪᠣᠳᠣᠯᠭ᠎ᠠ ᠶᠢᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2020/7/16
   ᠪᠦᠬᠦ ᠲᠤᠭᠤᠷᠢᠭ ᠤᠨ ᠬᠡᠪᠴᠢᠶᠡᠨ ᠳᠤ ᠭᠠᠵᠠᠷ  ᠰᠢᠨᠵᠢᠯᠡᠭᠡᠨ ᠤ ᠭᠠᠶ ᠭᠠᠮᠰᠢᠭ ᠢ  ᠰᠡᠷᠭᠡᠶᠢᠯᠡᠨ᠂ ᠭᠠᠵᠠᠷ  ᠰᠢᠨᠵᠢᠯᠡᠭᠡᠨ ᠤ ᠭᠠᠶ ᠭᠠᠮᠰᠢᠭ ᠠᠴᠠ ᠪᠣᠯᠤᠭᠰᠠᠨ ᠬᠤᠬᠢᠷᠠᠯ᠂ ᠢᠯᠠᠩᠭᠤᠶ᠎ᠠ ᠣᠶᠢᠷ᠎ᠠ ᠶᠢᠨ ᠵᠢᠯ ᠤᠨ ᠲᠤᠷᠰᠢᠬᠢ  ᠬᠡᠴᠡᠭᠦᠦ ᠠᠭᠤᠷ ᠠᠮᠢᠰᠬᠤᠯ ᠪᠣᠯᠤᠨ ᠬᠥᠮᠦᠨ ᠲᠥᠷᠥᠯᠬᠢᠲᠡᠨ ᠤ ᠢᠨᠵᠧᠨᠧᠷᠢᠩ ᠤᠨ ᠠᠵᠢᠯᠯᠠᠭ᠎ᠠ ᠵᠡᠷᠭᠡ ᠭᠠᠵᠠᠷ  ᠰᠢᠨᠵᠢᠯᠡᠭᠡᠨ ᠤ ᠭᠠᠶ ᠭᠠᠮᠰᠢᠭ ᠠᠴᠠ ᠪᠣᠯᠤᠭᠰᠠᠨ ᠬᠥᠮᠦᠨ ᠪᠣᠯᠤᠨ ᠡᠳ᠋ ᠬᠥᠷᠥᠩᠭᠡ ᠶᠢᠨ ᠬᠤᠬᠢᠷᠠᠯ ᠢ ᠠᠯᠢ ᠴᠢᠳᠠᠬᠤ ᠪᠠᠷ  ᠪᠠᠭᠠᠰᠬᠠᠵᠤ᠂ ᠠᠷᠠᠳ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ  ᠬᠠᠮᠠᠭᠠᠯᠠᠬᠤ ᠶᠢᠨ ᠲᠦᠯᠦᠭᠡ᠂ ᠮᠠᠨ ᠤ  ᠲᠤᠭᠤᠷᠢᠭ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠦᠰᠦᠯ ᠢ  ᠨᠠᠶᠢᠷᠠᠭᠤᠯᠪᠠ᠃ ᠣᠳᠣ ᠭᠤᠣᠯ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄      ᠨᠢᠭᠡ᠂ ᠠᠬᠤᠶ ᠪᠠᠶᠢᠳᠠᠯ ᠤᠨ ᠦᠨᠳᠦᠰᠦᠯᠡᠯ    ᠲᠥᠷᠥ ᠶᠢᠨ ᠶᠠᠪᠤᠳᠠᠯ ᠤᠨ ᠬᠤᠷᠢᠶᠠᠨ ᠤ ︽ᠭᠠᠵᠠᠷ  ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠷᠢᠮ︾ ᠪᠣᠯᠤᠨ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ︽2020 ᠣᠨ ᠤ ᠭᠠᠵᠠᠷ  ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠮᠡᠳᠡᠭᠳᠡᠯ︾᠎ ᠤᠨ ᠠᠭᠤᠯᠭ᠎ᠠ ᠶᠢ ᠦᠨᠳᠦᠰᠦᠯᠡᠵᠡᠢ᠃      ᠬᠤᠶᠠᠷ᠂ ᠭᠤᠣᠯ ᠠᠭᠤᠯᠭ᠎ᠠ 1. ᠣᠷᠣᠨ ᠪᠦᠰᠡ ᠶᠢᠨ ᠳᠣᠲᠣᠷᠠᠬᠢ ᠭᠠᠵᠠᠷ  ᠰᠢᠨᠵᠢᠯᠡᠭᠡᠨ ᠤ ᠭᠠᠶ ᠭᠠᠮᠰᠢᠭ ᠤᠨ ᠲᠥᠷᠥᠯ  ᠵᠦᠢᠯ2. ᠭᠠᠵᠠᠷ  ᠰᠢᠨᠵᠢᠯᠡᠭᠡᠨ ᠤ ᠭᠠᠶ ᠭᠠᠮᠰᠢᠭ ᠤᠨ ᠪᠣᠶ ᠪᠣᠯᠤᠭᠰᠠᠨ ᠰᠢᠯᠲᠠᠭᠠᠨ3. ᠭᠠᠵᠠᠷ  ᠰᠢᠨᠵᠢᠯᠡᠭᠡᠨ ᠤ ᠭᠠᠶ ᠭᠠᠮᠰᠢᠭ ᠤᠨ  ᠭᠠᠮᠰᠢᠭ ᠢ ᠤᠷᠢᠳᠴᠢᠯᠠᠨ ᠰᠡᠷᠭᠡᠶᠢᠯᠡᠬᠦ ᠭᠤᠤᠯᠳᠠᠯᠭ᠎ᠠ ᠲᠠᠢ ᠭᠠᠵᠠᠷ ᠤᠨ ᠬᠡᠰᠡᠭ ᠵᠢᠴᠢ ᠬᠠᠷᠢᠭᠤᠴᠠᠯᠭᠠᠲᠤ ᠨᠢᠭᠡᠴᠡ4. ᠭᠠᠵᠠᠷ  ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ5. ᠭᠡᠨᠡᠳᠲᠡ ᠶᠢᠨ ᠴᠢᠨᠠᠷᠲᠠᠶ ᠭᠠᠵᠠᠷ  ᠰᠢᠨᠵᠢᠯᠡᠭᠡᠨ ᠤ ᠭᠠᠶ ᠭᠠᠮᠰᠢᠭ ᠭᠠᠷᠤᠭᠰᠠᠨ ᠤ ᠳᠠᠷᠠᠭᠠᠬᠢ  ᠰᠢᠢᠳᠪᠦᠷᠢᠯᠡᠬᠦ ᠵᠢᠷᠤᠮ6. ᠶᠤᠸᠠᠨ ᠪᠦᠦ ᠱᠠᠨ ᠲᠣᠭᠤᠷᠢᠭ ᠤᠨ ᠭᠠᠵᠠᠷ  ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ  ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠨᠡᠷᠡᠰ      ᠭᠤᠷᠪᠠ᠂  ᠦᠢᠯᠡᠳᠦᠯ ᠦᠷ᠎ᠡ ᠳ᠋ᠦᠩ     ᠭᠠᠵᠠᠷ  ᠰᠢᠨᠵᠢᠯᠡᠭᠡᠨ ᠤ ᠭᠠᠶ ᠭᠠᠮᠰᠢᠭ  ᠢ ᠰᠡᠷᠭᠡᠶᠢᠯᠡᠨ ᠵᠠᠰᠠᠬᠤ ᠨᠢᠭᠡᠴᠡ ᠶᠢᠨ ᠭᠠᠵᠠᠷ  ᠰᠢᠨᠵᠢᠯᠡᠭᠡᠨ ᠤ ᠭᠠᠶ ᠭᠠᠮᠰᠢᠭ ᠤᠨ ᠳᠠᠯᠳᠠ ᠭᠡᠮ ᠤᠨ ᠴᠢᠭ ᠢ  ᠴᠠᠭᠳᠠᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠨ ᠵᠠᠰᠠᠬᠤ ᠠᠵᠢᠯ ᠢ ᠰᠠᠶᠢᠲᠤᠷ  ᠬᠢᠬᠦ ᠶᠢ  ᠠᠬᠢᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠭᠠᠵᠠᠷ  ᠰᠢᠨᠵᠢᠯᠡᠭᠡᠨ ᠤ ᠭᠠᠶ ᠭᠠᠮᠰᠢᠭ ᠠᠴᠠ  ᠪᠤᠯᠤᠭᠰᠠᠨ ᠠᠷᠠᠳ ᠣᠯᠠᠨ ᠤ ᠡᠳ᠋ ᠬᠥᠷᠥᠩᠭᠡ  ᠪᠣᠯᠤᠨ ᠦᠬᠦᠯ ᠰᠢᠷᠬᠠᠲᠤᠯ ᠠᠴᠠ ᠵᠠᠶᠢᠯᠠᠰᠬᠢᠬᠦ ᠪᠠ  ᠪᠠᠭᠠᠰᠬᠠᠨ᠎ᠠ᠃     ᠲᠠᠶᠢᠯᠤᠮᠵᠢ ᠬᠢᠭᠰᠡᠨ ᠨᠢᠭᠡᠴᠡ᠄ ᠶᠤᠸᠠᠨ ᠪᠦᠦ ᠱᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1