ᠶᠤᠸᠠᠨ ᠪᠦᠦ ᠱᠠᠨ ᠲᠣᠭᠤᠷᠢᠭ ᠤᠨ ᠬᠠᠤᠯᠢ ᠪᠠᠷ ᠵᠠᠰᠠᠬᠤ ᠰᠣᠶᠣᠯ ᠤᠨ ᠠᠭᠤᠳᠠᠮ ᠲᠠᠯᠠᠪᠠᠶ ᠳᠤ ︽ᠢᠷᠭᠡᠨ ᠤ ᠬᠠᠤᠯᠢ ᠶᠢᠨ ᠪᠢᠴᠢᠭ︾ ᠎ ᠶᠢ  ᠲᠥᠪᠯᠡᠷᠡᠭᠦᠯᠦᠨ ᠤᠬᠠᠭᠤᠯᠵᠤ ᠪᠣᠢ
ᠨᠡᠶᠢᠲᠡᠯᠡᠭᠰᠡᠨ ᠴᠠᠭ᠄
2020/7/24
   7 ᠰᠠᠷ᠎ᠠ ᠶᠢᠨ 21᠎ ᠤ ᠡᠳᠦᠷ᠂ ︽ᠢᠷᠭᠡᠨ ᠤ ᠬᠠᠤᠯᠢ ᠶᠢᠨ ᠪᠢᠴᠢᠭ︾ ᠎ ᠎ ᠤᠨ ᠤᠬᠠᠭᠤᠯᠭ᠎ᠠ ᠶᠢᠨ ᠠᠵᠢᠯ ᠢ ᠦᠨᠡᠨ ᠬᠦ ᠰᠠᠶᠢᠲᠤᠷ  ᠬᠢᠬᠦ ᠶᠢᠨ ᠲᠥᠯᠥᠭᠡ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠤᠸᠠᠨ ᠪᠦᠦ ᠱᠠᠨ ᠲᠣᠭᠤᠷᠢᠭ ᠤᠨ ᠬᠠᠤᠯᠢ ᠪᠠᠷ ᠵᠠᠰᠠᠬᠤ ᠰᠣᠶᠣᠯ ᠎ ᠤᠨ ᠠᠭᠤᠳᠠᠮ ᠲᠠᠯᠠᠪᠠᠶ ᠳᠤ ︽ᠢᠷᠭᠡᠨ ᠤ ᠬᠠᠤᠯᠢ ᠶᠢᠨ ᠪᠢᠴᠢᠭ︾᠎ ᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ  ᠦᠷᠨᠢᠭᠦᠯᠪᠡ᠃    ᠨᠢᠭᠡ ᠳᠤ᠂  ᠠᠭᠤᠳᠠᠮ ᠲᠠᠯᠠᠪᠠᠢ ᠳᠤ ᠨᠠᠰᠢ ᠴᠠᠰᠢ ᠶᠠᠪᠤᠵᠤ ᠪᠠᠶᠢᠭ᠎ᠠ ᠣᠯᠠᠨ ᠲᠦᠮᠡᠨ ᠳᠤ ︽ᠢᠷᠭᠡᠨ ᠤ ᠬᠠᠤᠯᠢ ᠶᠢᠨ ᠪᠢᠴᠢᠭ︾᠎ ᠤᠨ ᠤᠬᠠᠭᠤᠯᠭ᠎ᠠ ᠶᠢᠨ ᠬᠠᠭᠤᠳᠠᠰᠤ ᠵᠡᠷᠭᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ  ᠤᠬᠠᠭᠤᠯᠭ ᠎ᠠ ᠶᠢᠨ ᠳᠡᠪᠲᠡᠷ᠂ ᠤᠬᠠᠭᠤᠯᠭ᠎ᠠ ᠶᠢᠨ ᠬᠠᠭᠤᠳᠠᠰᠤ 1000 ᠭᠠᠷᠤᠶ ᠬᠤᠪᠢ ᠲᠠᠷᠬᠠᠭᠠᠬᠤ ᠶᠢᠨ ᠬᠠᠮᠲᠤ᠂ ᠣᠯᠠᠨ ᠲᠦᠮᠡᠨ ᠳᠤ ᠦᠨᠡᠨ ᠶᠣᠰᠣᠨ ᠤ ᠲᠥᠯᠥᠭᠡ ᠡᠷᠡᠯᠬᠡᠭ ᠢᠶᠠᠷ ᠲᠡᠮᠡᠴᠡᠬᠦ᠂ ᠰᠠᠭᠤᠭᠠᠯᠢ ᠲᠣᠭᠤᠷᠢᠭ ᠤᠨ ᠬᠠᠮᠲᠤ ᠶᠢᠨ ᠲᠠᠯᠠᠪᠤᠷ ᠭᠠᠵᠠᠷ ᠤᠨ  ᠤᠷᠤᠯᠭ᠎ᠠ ᠶᠢ ᠥᠮᠴᠢᠲᠡᠨ ᠳᠤ ᠥᠮᠴᠢᠯᠡᠭᠦᠯᠬᠦ᠂ ᠥᠨᠳᠥᠷ ᠬᠦᠤ ᠲᠠᠢ ᠵᠢᠭᠡᠯᠡᠯᠭᠡ ᠲᠠᠯᠪᠢᠬᠤ ᠶᠢ ᠴᠠᠭᠠᠵᠠᠯᠠᠬᠤ ᠵᠡᠷᠭᠡ ︽ᠢᠷᠭᠡᠨ ᠤ ᠬᠠᠤᠯᠢ ᠶᠢᠨ ᠪᠢᠴᠢᠭ︾᠎ ᠤᠨ ᠲᠤᠯᠤᠭᠠᠨ ᠶᠡᠭᠡ ᠬᠢᠯᠠᠰ ᠴᠡᠭ ᠤᠨ ᠠᠭᠤᠯᠭ᠎ᠠ ᠶᠢ ᠲᠠᠶᠢᠯᠪᠤᠷᠢᠯᠠᠨ ᠥᠭᠴᠦ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠵᠦᠢᠯ ᠵᠤᠷᠪᠤᠰ ᠪᠠ ᠬᠡᠷᠡᠭ ᠤᠨ ᠵᠢᠱᠢᠶ᠎ᠡ  ᠶᠢ ᠲᠠᠲᠠᠵᠠᠢ᠃ ᠲᠤᠬᠠᠶ ᠶᠢᠨ ᠲᠠᠯᠠᠪᠤᠷ ᠲᠤ ᠪᠠᠰᠠ ᠬᠠᠤᠯᠢ ᠴᠠᠭᠠᠵᠠ ᠶᠢᠨ ᠵᠥᠪᠳᠡᠯᠭᠡ ᠶᠢ ᠨᠡᠶᠢᠲᠡ 16 ᠬᠥᠮᠦᠨ ᠤᠳᠠᠭ᠎ᠠ ᠭᠥᠯᠢᠶᠡᠨ  ᠠᠪᠤᠭᠰᠠᠨ ᠪᠠᠶᠢᠨ᠎ᠠ᠃    ᠬᠤᠶᠠᠷ ᠲᠤ᠂ ᠠᠭᠤᠳᠠᠮ ᠲᠠᠯᠠᠪᠠᠶ ᠶᠢᠨ ᠲᠥᠪ ᠎ ᠳᠠᠬᠢ LED ᠲᠣᠮᠣ ᠳᠡᠯᠭᠡᠴᠡ ᠶᠢ ᠠᠰᠢᠭᠯᠠᠨ ︽ᠢᠷᠭᠡᠨ ᠤ ᠬᠠᠤᠯᠢ  ᠶᠢᠨ ᠪᠢᠴᠢᠭ︾᠎ ᠤᠨ ᠲᠤᠬᠠᠶ  ᠸᠢᠳᠢᠣ᠋ ᠶᠢ ᠰᠤᠷᠲᠠᠯᠴᠢᠯᠠᠨ ᠨᠡᠪᠲᠡᠷᠡᠭᠦᠯᠵᠡᠶ᠃ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠬᠡᠯᠪᠡᠷᠢ ᠪᠠᠷ ︽ᠢᠷᠭᠡᠨ ᠤ ᠬᠠᠤᠯᠢ ᠶᠢᠨ ᠪᠢᠴᠢᠭ︾᠎ ᠢ ᠰᠢᠭᠤᠳ  ᠤᠬᠠᠭᠤᠯᠵᠤ᠂ ︽ᠢᠷᠭᠡᠨ ᠤ ᠬᠠᠤᠯᠢ ᠶᠢᠨ ᠪᠢᠴᠢᠭ︾᠎ ᠢ ᠣᠯᠠᠨ ᠲᠦᠮᠡᠨ ᠳᠤ ᠭᠦᠢᠴᠡᠳ  ᠣᠶᠢᠯᠠᠭᠠᠭᠤᠯᠤᠭᠰᠠᠨ ᠪᠠᠶᠢᠨ᠎ᠠ᠃     ᠭᠤᠷᠪᠠ ᠳᠤ᠂ ᠤᠬᠠᠭᠤᠯᠬᠤ ᠶᠠᠪᠤᠴᠠ ᠳᠤ ︽ᠢᠷᠭᠡᠨ ᠤ ᠬᠠᠤᠯᠢ ᠪᠢᠴᠢᠭ︾᠎ ᠂ ︽ᠨᠡᠶᠢᠭᠡᠮ ᠲᠣᠭᠤᠷᠢᠭ ᠤᠨ ᠵᠠᠯᠠᠷᠠᠭᠤᠯᠬᠤ ᠬᠠᠤᠯᠢ︾᠂ ︽ ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠬᠡᠤᠬᠡᠳ ᠤᠨ ᠬᠤᠪᠢ ᠬᠥᠮᠦᠨ ᠤ ᠮᠡᠳᠡᠭᠡ ᠵᠠᠩᠭᠢ ᠶᠢᠨ ᠲᠣᠤᠷ ᠰᠦᠯᠵᠢᠶ᠎ᠡ  ᠶᠢ ᠬᠠᠮᠠᠭᠠᠯᠠᠬᠤ ᠲᠣᠭᠲᠠᠭᠠᠯ︾᠂ ︽ᠭᠡᠷ᠎ᠡ ᠶᠢᠨ ᠬᠠᠤᠯᠢ︾ ᠵᠡᠷᠭᠡ ᠬᠠᠯᠠᠮᠰᠢᠯ ᠬᠠᠤᠯᠢ ᠴᠠᠭᠠᠵᠠ ᠶᠢᠨ ᠤᠬᠠᠭᠤᠯᠭ ᠎ᠠ ᠬᠢᠭᠰᠡᠨ ᠪᠥᠭᠡᠳ ᠬᠡᠷᠡᠭ ᠎ ᠤᠨ ᠵᠢᠱᠢᠶ᠎ᠡ  ᠪᠠᠷ ᠳᠠᠮᠵᠢᠭᠤᠯᠤᠨ  ᠬᠠᠤᠯᠢ  ᠴᠠᠭᠠᠵᠠ ᠶᠢᠨ ᠮᠡᠳᠡᠯᠭᠡ ᠶᠢ ᠲᠣᠪᠴᠢ ᠲᠣᠳᠣᠷᠬᠠᠶ ᠲᠣᠳᠣᠷᠬᠠᠶᠢᠯᠠᠨ ᠥᠭᠦᠯᠡᠵᠦ ᠲᠦᠭᠡᠮᠡᠯᠵᠢᠭᠦᠯᠦᠭᠰᠡᠨ ᠪᠠᠶᠢᠨ᠎ᠠ᠃     ᠣᠯᠠᠨ ᠲᠦᠮᠡᠨ  ᠢᠯᠡᠷᠬᠡᠶᠢᠯᠡᠬᠦ ᠳᠡᠭᠡᠨ᠂ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠨ᠂ ︽ᠢᠷᠭᠡᠨ ᠤ ᠬᠠᠤᠯᠢ ᠶᠢᠨ ᠪᠢᠴᠢᠭ︾ ᠪᠣᠯ ᠦᠨᠡᠬᠡᠷ ᠨᠢᠭᠡᠨ ᠨᠡᠶᠢᠭᠡᠮ ᠤᠨ ᠠᠮᠢᠳᠤᠷᠠᠯ ᠤᠨ ᠨᠡᠪᠲᠡᠷᠬᠡᠶ ᠲᠣᠯᠢ ᠮᠥᠨ᠂ ᠠᠮᠢᠳᠤᠷᠠᠯ ᠤᠨ ᠳᠤᠮᠳᠠ ᠲᠣᠬᠢᠶᠠᠯᠳᠤᠭᠰᠠᠨ ᠤᠴᠢᠷ ᠶᠠᠪᠤᠳᠠᠯ ᠨᠢ ᠲᠡᠭᠦᠨ ᠤ ᠳᠤᠮᠳᠠ ᠠᠴᠠ ᠦᠨᠳᠦᠰᠦ ᠪᠠᠷᠢᠮᠲᠠ ᠣᠯᠵᠤ ᠪᠣᠯᠤᠨ᠎ᠠ ᠭᠡᠳᠡᠭ ᠢ ᠦᠨᠡᠨ ᠪᠣᠳᠠᠲᠠᠶ ᠰᠡᠷᠡᠵᠦ ᠮᠡᠳᠡᠭᠰᠡᠨ ᠪᠠᠶᠢᠨ᠎ᠠ᠃ ᠬᠤᠶᠢᠰᠢᠳᠠ ︽ᠢᠷᠭᠡᠨ ᠤ ᠬᠠᠤᠯᠢ ᠶᠢᠨ ᠪᠢᠴᠢᠭ︾᠎ ᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠢᠯᠡᠭᠦᠬᠡᠨ  ᠵᠤᠬᠢᠶᠠᠨ ᠪᠠᠶᠢᠭᠤᠯᠵᠤ᠂ ᠤᠯᠠᠨ ᠢ ᠬᠥᠲᠥᠯᠥᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠬᠠᠤᠯᠢ ᠶᠢ ᠰᠤᠷᠬᠤ᠂ ᠬᠠᠤᠯᠢ ᠶᠢ ᠮᠡᠳᠡᠬᠦ᠂  ᠬᠠᠤᠯᠢ ᠶᠢ ᠰᠠᠬᠢᠬᠤ ᠤᠬᠠᠮᠰᠠᠷ ᠲᠠᠢ ᠪᠣᠯᠭᠠᠵᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ ᠳᠠᠳᠬᠠᠯ ᠲᠠᠢ  ᠪᠤᠯᠭᠠᠨ᠂ ᠠᠰᠠᠭᠤᠳᠠᠯ ᠢ  ᠰᠢᠢᠳᠪᠦᠷᠢᠯᠡᠬᠦ ᠳᠤ ᠬᠠᠤᠯᠢ ᠶᠢ ᠲᠦᠰᠢᠭᠯᠡᠬᠦ ᠴᠢᠳᠠᠪᠤᠷᠢ ᠲᠠᠢ ᠪᠣᠯᠭᠠᠬᠤ ᠬᠡᠷᠡᠭᠲᠡᠶ ᠭᠡᠰᠡᠨ ᠪᠠᠶᠢᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1