ᠹᠠᠩ ᠱᠧᠨ ᠲᠣᠰᠬᠤᠨ᠄ ᠨᠠᠮ ᠤᠨ ᠪᠠᠶᠢᠭᠤᠯᠤᠯᠲᠠ ᠶᠢ ᠴᠢᠩᠭᠠᠳᠬᠠᠵᠤ ᠬᠦᠴᠦ ᠪᠠᠨ ᠬᠠᠮᠲᠤᠳᠬᠠᠨ ᠠᠵᠤ ᠦᠢᠯᠡᠰ ᠎ ᠢᠶᠠᠨ ᠬᠦᠭᠵᠢᠭᠦᠯᠵᠦ ᠠᠯᠤᠰ ᠬᠡᠳᠦ ᠶᠢᠨ ᠶᠡᠭᠡ ᠠᠯᠬᠤᠮ ᠢᠶᠠᠷ ᠴᠢᠨᠡᠭᠡᠯᠢᠭᠵᠢᠬᠦ ᠵᠠᠮ ᠢᠶᠠᠷ  ᠵᠠᠮᠨᠠᠵᠤ ᠪᠣᠢ
ᠨᠡᠶᠢᠲᠡᠯᠡᠭᠰᠡᠨ ᠴᠠᠭ᠄
2020/7/31
    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠡᠬᠢᠯᠡᠭᠰᠡᠨ ᠠᠴᠠ ᠨᠠᠰᠢ᠂ ᠹᠠᠩ ᠱᠧᠨ ᠲᠣᠰᠬᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ᠨᠠᠮ ᠤᠨ ᠪᠠᠶᠢᠭᠤᠯᠤᠯᠲᠠ ᠪᠠᠷ  ᠶᠠᠳᠠᠭᠤ ᠎ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠥᠭᠵᠢᠯᠲᠡ ᠶᠢ ᠬᠦᠳᠦᠯᠦᠨ ᠳᠠᠭᠠᠭᠤᠯᠬᠤ ᠵᠠᠭᠪᠤᠷ ᠢ ᠰᠦᠪᠡᠭᠴᠢᠯᠡᠨ ᠪᠠᠶᠢᠭᠤᠯᠵᠤ᠂ ᠠᠵᠤ ᠦᠢᠯᠡᠰ ᠢᠶᠠᠷ ᠲᠣᠰᠬᠤᠨ ᠢᠶᠠᠨ ᠬᠦᠴᠦᠷᠬᠡᠭᠵᠢᠭᠦᠯᠬᠦ ᠪᠠ ᠠᠷᠠᠳ ᠲᠤ ᠠᠰᠢᠭ ᠬᠦᠷᠲᠡᠭᠡᠵᠦ  ᠣᠷᠣᠯᠭ᠎ᠠ ᠪᠠᠨ ᠨᠡᠮᠡᠭᠳᠡᠭᠦᠯᠬᠦ ᠶᠢ ᠵᠡᠷᠭᠡᠪᠡᠷ ᠠᠬᠢᠭᠤᠯᠬᠤ ᠬᠡᠯᠪᠡᠷᠢ ᠪᠠᠨ ᠬᠤᠪᠢᠷᠠᠭᠤᠯᠬᠤ ᠵᠠᠮ ᠢ ᠨᠡᠭᠡᠭᠡᠪᠡ ᠃ ᠣᠳᠣᠬᠠᠨ ᠳᠤ᠂ ᠹᠠᠩ ᠱᠧᠨ ᠲᠣᠰᠬᠤᠨ ᠨᠢᠭᠡᠨᠲᠡ ᠶᠠᠳᠠᠭᠤ ᠠᠴᠠ ᠠᠩᠭᠢᠵᠢᠷᠠᠵᠤ᠂ ᠹᠠᠩ ᠱᠧᠨ ᠲᠣᠰᠬᠤᠨ ᠤ ᠨᠠᠮ ᠤᠨ  ᠶᠡᠷᠦᠩᠬᠡᠢ ᠡᠭᠦᠷ ᠴᠦ ︽ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ  ᠪᠠᠶᠢᠭᠤᠯᠤᠯᠲᠠ︾᠎ ᠎ ᠶᠢᠨ ᠢᠷᠠᠭᠤ ᠠᠯᠳᠠᠷ ᠢ ᠬᠦᠷᠳᠡᠪᠡ᠃
   ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠲᠤ ᠴᠢᠩᠭ᠎ᠠ ᠪᠠᠬᠢᠯᠡᠯᠲᠡ ᠶᠢ  ᠴᠤᠭᠴᠠᠯᠠᠪᠠ   ᠨᠢᠭᠡ ᠳᠤ᠂ ᠴᠢᠭᠯᠡᠯ  ᠪᠠ ᠰᠡᠳᠬᠢᠴᠡ ᠎ ᠪᠠᠨ ᠲᠤᠭᠲᠠᠭᠠᠪᠠ᠃ ᠲᠣᠰᠬᠤᠨ ᠤ ᠱᠠᠲᠤᠨ ᠤ ᠬᠥᠭᠵᠢᠯᠲᠡ ᠶᠢ  ᠳᠡᠭᠡᠳᠦ ᠱᠠᠲᠤᠨ ᠤ  ᠱᠠᠭᠠᠷᠳᠠᠯᠭ᠎ᠠ ᠳᠤ ᠨᠡᠶᠢᠴᠡᠭᠦᠯᠵᠦ᠂ ᠲᠣᠰ ᠭᠠᠵᠠᠷ ᠤᠨ  ᠪᠣᠳᠠᠲᠤ ᠪᠠᠶᠢᠳᠠᠯ ᠳᠤ ᠨᠡᠶᠢᠴᠡᠭᠦᠯᠵᠦ᠂ ᠣᠯᠠᠨ ᠲᠦᠮᠡᠨ ᠤ ᠬᠦᠰᠡᠯ ᠡᠷᠡᠮᠡᠯᠵᠡᠯ ᠢ ᠢᠯᠡᠷᠡᠭᠦᠯᠬᠦ ᠶᠢ ᠠᠬᠢᠭᠤᠯᠬᠤ ᠶᠢᠨ ᠲᠥᠯᠥᠭᠡ᠂ ᠲᠣᠰᠬᠤᠨ ᠤ ︽ᠬᠤᠶᠠᠷ ᠵᠥᠪᠯᠡᠯ︾᠎ ᠤᠨ ᠤᠳᠤᠷᠢᠳᠬᠤ ᠪᠠᠭ ᠨᠢ ᠥᠷᠭᠡᠨ ᠳᠡᠯᠭᠡᠷ ᠪᠠᠶᠢᠴᠠᠭᠠᠨ ᠰᠤᠳᠤᠯᠤᠯᠲᠠ ᠬᠢᠵᠦ᠂ ᠬᠡᠷᠡᠭᠴᠡᠭᠡ ᠱᠠᠭᠠᠷᠳᠠᠯᠭ᠎ᠠ ᠶᠢ ᠠᠰᠠᠭᠤᠭᠰᠠᠨ ᠰᠠᠭᠤᠷᠢᠨ ᠳᠡᠭᠡᠷ᠎ᠡ᠂ ᠠᠵᠤ ᠦᠢᠯᠡᠰᠵᠢᠭᠦᠯᠦᠨ ᠲᠣᠰᠬᠤᠨ ᠢᠶᠠᠨ ᠬᠦᠴᠦᠷᠬᠡᠭᠵᠢᠭᠦᠯᠬᠦ᠂ ᠵᠣᠬᠢᠶᠠᠨ ᠪᠠᠶᠢᠭᠤᠯᠤᠯᠲᠠ ᠪᠠᠷ ᠠᠷᠠᠳ ᠢᠶᠠᠨ  ᠪᠠᠶᠠᠵᠢᠭᠤᠯᠬᠤ ᠶᠢ ᠰᠤᠳᠤᠯᠤᠨ ᠲᠣᠭᠲᠠᠭᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠠᠵᠤ  ᠦᠢᠯᠡᠰ ᠢᠶᠠᠷ ᠲᠤᠯᠭᠠᠭᠤᠷᠢᠯᠠᠭᠤᠯᠬᠤ᠂ ᠬᠠᠮᠲᠤ ᠶᠢᠨ  ᠠᠵᠤ ᠠᠬᠤᠶ ᠶᠢ ᠪᠠᠲᠤᠯᠠᠬᠤ ᠬᠠᠷᠢᠯᠴᠠᠨ ᠠᠭᠤᠰᠤᠯᠴᠠᠵᠤ ᠬᠠᠮᠲᠤ ᠪᠠᠷ ᠠᠬᠢᠭᠤᠯᠬᠤ ᠬᠥᠭᠵᠢᠯᠲᠡ ᠶᠢᠨ ᠵᠠᠮ ᠢᠶᠠᠷ  ᠵᠠᠮᠨᠠᠵᠠᠢ᠃    ᠬᠤᠶᠠᠷ ᠲᠤ᠂ ᠬᠥᠭᠵᠢᠯᠲᠡ ᠶᠢᠨ  ᠰᠢᠨ᠎ᠡ ᠵᠠᠭᠪᠤᠷ ᠎ ᠶᠢ  ᠡᠭᠦᠳᠪᠡ᠃ ᠲᠣᠰᠬᠤᠨ  ᠎ ᠨᠢ ᠱᠧᠩ ᠶᠤᠸᠠᠨ ᠲᠠᠷᠢᠶᠠᠯᠠᠩ ᠤᠨ ᠺᠣᠮᠫᠠᠨᠢ᠂ ᠲᠢᠶᠠᠨ ᡂᠢ ᠢᠳᠡᠰᠢᠨ ᠨᠣᠭᠤᠭ᠎ᠠ ᠶᠢᠨ ᠬᠤᠷᠰᠢᠶᠠᠵᠢᠯ  ᠵᠡᠷᠭᠡ 2  ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠡᠭᠦᠳᠦᠨ ᠪᠠᠶᠢᠭᠤᠯᠵᠤ᠂ ᠨᠠᠮ ᠤᠨ ᠡᠭᠦᠷ ᠢ ᠵᠡᠷᠭᠡᠪᠡᠷ  ᠪᠠᠶᠢᠭᠤᠯᠤᠭᠰᠠᠨ ᠪᠠᠶᠢᠨ᠎ᠠ᠃ ᠰᠤᠯᠠ  ᠪᠠᠶᠢᠭ᠎ᠠ ᠫᠧᠩ ᠰᠠᠷᠠᠪᠴᠢ ᠶᠢ ᠥᠭᠡᠷᠡᠴᠢᠯᠡᠨ ᠪᠠᠶᠢᠭᠤᠯᠬᠤ ᠪᠠᠷ ᠲᠣᠬᠢᠶᠠᠯ ᠪᠣᠯᠭᠠᠵᠤ᠂ ᠮᠦ ᠪᠦᠷᠢ  500  ᠲᠦᠭᠦᠷᠢᠭ ᠠᠴᠠ 700 ᠲᠥᠭᠦᠷᠢᠭ ᠤᠨ ᠦᠨ᠎ᠡ ᠪᠠᠷ 14 ᠵᠢᠯ ᠲᠦᠷᠢᠶᠡᠰᠦᠯᠡᠬᠦ ᠬᠡᠯᠪᠡᠷᠢ ᠪᠠᠷ 3900 ᠮᠦ ᠭᠠᠵᠠᠷ ᠰᠢᠷᠣᠶ ᠶᠢ  ᠡᠷᠬᠢᠯᠲᠡ ᠳᠤ ᠤᠷᠤᠭᠤᠯᠵᠤ᠂ ᠭᠤᠷᠪᠠ ᠶᠢ ᠲᠣᠰᠬᠤᠨ ᠳᠤ ᠬᠦᠷᠭᠡᠵᠦ᠂ ᠭᠤᠷᠪᠠ ᠶᠢ ᠡᠷᠦᠬᠡ ᠳᠤ  ᠬᠦᠷᠭᠡᠬᠦ ᠵᠡᠷᠭᠡ ᠲᠡᠳᠬᠦᠬᠦ ᠲᠥᠷᠥᠯ  ᠵᠦᠢᠯ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠡᠶ᠃ ᠪᠠᠷᠢᠮᠵᠢᠶ᠎ᠠ  ᠎ ᠲᠠᠢ ᠨᠡᠷᠡᠨ ᠤ ᠭᠡᠷᠡᠯ ᠤᠨ ᠬᠦᠯᠡᠮᠵᠢ 670 ᠰᠠᠭᠤᠷᠢ ᠪᠦᠲᠦᠭᠡᠨ ᠪᠠᠶᠢᠭᠤᠯᠵᠤ᠂ ᠲᠣᠰᠬᠤᠨ ᠤ ᠬᠠᠮᠲᠤ ᠨᠡᠶᠢᠲᠡ ᠶᠢᠨ ᠬᠢᠨ ᠲᠦᠷᠢᠶᠡᠰᠦᠨ ᠮᠥᠩᠭᠦ ᠶᠢᠨ ᠵᠥᠷᠢᠶ᠎ᠡ ᠪᠠᠷ ᠵᠢᠯ ᠤᠨ ᠣᠷᠣᠯᠭ᠎ᠠ ᠶᠢ 70 ᠭᠠᠷᠤᠶ ᠲᠦᠮᠡᠨ ᠲᠥᠭᠦᠷᠢᠭ ᠨᠡᠮᠡᠭᠳᠡᠭᠦᠯᠵᠡᠶ᠃
    ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠦᠴᠦᠷᠬᠡᠭ  ᠶᠡᠭᠡ ᠬᠠᠮᠲᠤᠷᠠᠯ ᠬᠦᠴᠦᠨ ᠢ  ᠪᠤᠢ ᠪᠤᠯᠭᠠᠪᠠ   ᠨᠢᠭᠡ ᠳᠤ᠂ ᠬᠤᠯᠪᠣᠭᠠᠯᠠᠨ ᠬᠥᠳᠡᠯᠦᠯᠴᠡᠵᠦ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠪᠠ᠃ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠰᠢᠶᠠᠩ ᠲᠣᠰᠬᠤᠨ ᠠᠯᠤᠰᠯᠠᠨ  ᠦᠵᠢᠶᠠ ᠲᠣᠰᠬᠤᠨ᠂ ᠶᠢᠨ ᠴᠢᠶᠣᠤ ᠲᠣᠰᠬᠤᠨ ᠤ 870 ᠮᠦ ᠳᠣᠤᠷ᠎ᠠ ᠤᠨᠠᠯᠲᠠ ᠲᠠᠢ  ᠲᠠᠷᠢᠶᠠᠨ ᠭᠠᠵᠠᠷ  ᠢ ᠬᠤᠶᠠᠷ ᠬᠤᠭᠤᠴᠠᠭ᠎ᠠ ᠬᠤᠪᠢᠶᠠᠵᠤ ᠡᠷᠬᠢᠯᠲᠡ ᠳᠤ ᠤᠷᠤᠭᠤᠯᠤᠨ᠂ ᠬᠤᠯᠪᠣᠭᠠᠯᠠᠨ ᠪᠦᠲᠦᠭᠡᠨ ᠪᠠᠶᠢᠭᠤᠯᠬᠤ ᠰᠠᠯᠠᠭ᠎ᠠ ᠮᠥᠴᠢᠷ ᠤᠨ 1130 ᠲᠦᠮᠡᠨ ᠲᠥᠭᠦᠷᠢᠭ ᠤᠨ ᠠᠵᠤ  ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ  ᠵᠦᠢᠯ ᠤᠨ ᠳᠡᠮᠵᠢᠯᠭᠡ ᠳᠣᠤᠷ᠎ᠠ᠂ ᠬᠤᠯᠪᠣᠭᠠᠯᠠᠨ ᠪᠦᠲᠦᠭᠡᠨ ᠪᠠᠶᠢᠭᠤᠯᠬᠤ  ᠳᠡᠭᠡᠳᠦ ᠰᠤᠷᠭᠠᠭᠤᠯᠢ ᠶᠢᠨ ᠮᠡᠷᠭᠡᠵᠢᠯ ᠤᠨ ᠵᠢᠯᠣᠭᠤᠳᠤᠯᠭ᠎ᠠ ᠳᠣᠤᠷ᠎ᠠ᠂ ᠥᠨᠳᠥᠷ ᠪᠠᠷᠢᠮᠵᠢᠶ᠎ᠠ ᠪᠠᠷ 94 ᠰᠠᠭᠤᠷᠢ ᠨᠡᠷᠡᠨ ᠤ ᠬᠡᠷᠡᠯ ᠤᠨ ᠬᠦᠯᠡᠮᠵᠢ ᠶᠢ ᠪᠠᠶᠢᠭᠤᠯᠵᠤ᠂ 500 ᠮᠦ ᠵᠠᠳᠠᠭᠠᠶ ᠢᠳᠡᠰᠢᠨ ᠨᠣᠭᠤᠭ᠎ᠠ  ᠲᠠᠷᠢᠬᠤ ᠭᠠᠵᠠᠷ ᠭᠠᠷᠭᠠᠵᠠᠢ᠃   ᠬᠤᠶᠠᠷ ᠲᠤ᠂ ᠱᠧᠩ ᠶᠤᠸᠠᠨ ᠺᠣᠮᠫᠠᠨᠢ ᠶᠢᠨ ᠠᠵᠤ ᠦᠢᠯᠡᠰ ᠤᠨ ᠨᠠᠮ ᠤᠨ ᠡᠭᠦᠷ ᠢᠶᠠᠷ ᠵᠢᠯᠣᠭᠤᠳᠤᠮᠵᠢ ᠪᠣᠯᠭᠠᠵᠤ ᠂  ᠮᠡᠷᠭᠡᠵᠢᠯ ᠢᠶᠠᠷ ᠬᠠᠮᠲᠤᠪᠠᠷ ᠬᠥᠭᠵᠢᠬᠦ ᠶᠢ ᠡᠷᠢᠯᠬᠢᠯᠡᠪᠡ᠃ ᠣᠳᠣᠬᠠᠨ ᠳᠤ᠂ ᠬᠦᠷᠢᠶᠡᠯᠡᠩ ᠲᠣᠭᠤᠷᠢᠭ ᠤᠨ ᠬᠠᠮᠲᠤᠷᠠᠨ ᠬᠡᠷᠡᠭᠵᠢᠭᠦᠯᠦᠭᠰᠡᠨ ᠯᠠᠵᠤᠤ᠂ ᠴᠢᠨᠵᠦᠦ ᠵᠡᠷᠭᠡ 4 ᠲᠥᠷᠥᠯ  ᠵᠦᠢᠯ ᠨᠢ  ᠨᠢᠭᠡᠨᠲᠡ ᠪᠣᠬᠢᠷᠲᠤᠯ ᠦᠭᠡᠶ ᠢᠳᠡᠭᠡᠨ ᠤ ᠭᠡᠷᠡᠴᠢ ᠶᠢ ᠪᠠᠲᠤᠯᠠᠵᠠᠶ᠃ ᠠᠵᠤ ᠦᠢᠯᠡᠰ ᠤᠨ ᠶᠠᠰᠤ ᠴᠢᠨᠠᠷ ᠪᠠ  ᠬᠠᠷᠢᠴᠠᠩᠭᠤᠢ ᠳᠠᠪᠠᠭᠤᠯᠢᠭ ᠤᠯᠠᠮ ᠨᠢᠭᠡ ᠠᠯᠬᠤᠮ  ᠳᠤᠪᠤᠶᠢᠮ᠎ᠠ ᠪᠣᠯᠪᠠ᠃ ᠶᠠᠰᠤ ᠴᠢᠨᠠᠷ  ᠢ ᠪᠠᠶᠢᠴᠠᠭᠠᠨ ᠬᠡᠮᠵᠢᠬᠦ ᠶᠢ ᠨᠢᠭᠡ ᠴᠣᠭᠴᠠᠵᠢᠭᠤᠯᠤᠭᠰᠠᠨ ᠬᠦᠷᠢᠶᠡᠯᠡᠩ ᠲᠣᠭᠤᠷᠢᠭ ᠤᠨ  ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠵᠤ᠂ 430 ᠲᠡᠭᠰᠢ ᠳᠥᠷᠪᠡᠯᠵᠢᠨ ᠮᠧᠲᠷ ᠤᠨ ᠰᠢᠨ᠎ᠡ ᠰᠣᠷᠭᠤᠭ ᠨᠣᠭᠤᠭ᠎ᠠ ᠪᠣᠯᠪᠠᠰᠤᠷᠠᠭᠤᠯᠬᠤ ᠲᠠᠰᠤᠭ᠂ 350 ᠲᠡᠭᠰᠢ ᠳᠥᠷᠪᠡᠯᠵᠢᠨ ᠮᠧᠲᠷ ᠤᠨ ᠤᠰᠤ  ᠦᠭᠡᠶᠢᠳᠦᠭᠦᠯᠦᠭᠰᠡᠨ ᠢᠳᠡᠰᠢᠨ ᠨᠣᠭᠤᠭ᠎ᠠ ᠪᠣᠯᠪᠠᠰᠤᠷᠠᠭᠤᠯᠬᠤ ᠲᠠᠰᠤᠭ ᠪᠠ 3600 ᠪᠣᠰᠤᠭ᠎ᠠ ᠳᠥᠷᠪᠡᠯᠵᠢᠨ ᠮᠧᠲᠷ ᠤᠨ ᠬᠦᠢᠲᠡᠨ ᠢᠶᠠᠷ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢ ᠢᠵᠢ  ᠪᠦᠷᠢᠳᠦᠭᠦᠯᠦᠨ ᠪᠠᠶᠢᠭᠤᠯᠵᠤ᠂  ᠦᠢᠯᠡᠳᠪᠦᠷᠢᠯᠡᠯ ᠤᠨ ᠬᠡᠯᠬᠢᠶ᠎ᠡ ᠪᠠᠨ ᠤᠷᠲᠤᠳᠬᠠᠪᠠ᠃  ᠣᠳᠣᠬᠠᠨ ᠳᠤ᠂ ᠬᠦᠷᠢᠶᠡᠯᠡᠩ ᠲᠣᠭᠤᠷᠢᠭ ᠤᠨ ᠵᠢᠯ ᠤᠨ  ᠦᠢᠯᠡᠳᠪᠦᠷᠢᠯᠡᠭᠰᠡᠨ ᠪᠠ ᠪᠣᠯᠪᠠᠰᠤᠷᠠᠭᠤᠯᠤᠭᠰᠠᠨ ᠵᠢᠮᠢᠰ  ᠨᠤᠭᠤᠭ᠎ᠠ ᠪᠠᠷᠤᠭ 1.8 ᠲᠦᠮᠡᠨ ᠲᠣᠨ ᠪᠠᠶᠢᠵᠤ᠂ ᠬᠠᠰᠢ᠂ ᠱᠣᠪᠣᠭᠤᠷ ᠯᠠᠵᠤᠤ᠂ ᠥᠷᠭᠡᠰᠦᠲᠦ ᠬᠡᠮᠬᠡ᠂ ᠲᠥᠪᠡᠳ ᠬᠠᠰᠢ ᠵᠢᠴᠢ ᠲᠣᠰᠣᠨ ᠲᠤᠭᠤᠷ ᠵᠡᠷᠭᠡ 7 ᠲᠥᠷᠥᠯ  ᠵᠦᠢᠯ ᠢ ᠬᠠᠮᠤᠷᠴᠤ᠂ ᠪᠦᠲᠦᠭᠡᠭᠳᠡᠬᠦᠨ ᠨᠢ ᠪᠡᠭᠡᠵᠢᠩ᠂ ᠲᠢᠶᠠᠨᠵᠢᠨ ᠵᠢᠴᠢ ᠵᠡᠭᠦᠨ ᠬᠤᠶᠢᠲᠤ ᠣᠷᠣᠨ ᠵᠡᠷᠭᠡ ᠭᠠᠵᠠᠷ ᠲᠤ  ᠪᠣᠷᠣᠯᠠᠭᠤᠯᠤᠭᠳᠠᠵᠤ  ᠂  ᠦᠢᠯᠡᠳᠬᠦᠨ ᠤ ᠥᠷᠲᠡᠭ ᠨᠢ 1.03 ᠳ᠋ᠦᠩᠰᠢᠭᠤᠷ ᠲᠥᠭᠦᠷᠢᠭ ᠲᠤ ᠬᠦᠷᠴᠡᠶ᠃ 2019 ᠣᠨ ᠳᠤ᠂ ᠹᠠᠩ ᠱᠧᠨ ᠲᠣᠰᠬᠤᠨ ᠢ ᠭᠤᠸᠠᠩᠵᠧᠦ ᠬᠤᠳᠠ ᠶᠢᠨ ᠲᠠᠷᠢᠶᠠᠯᠠᠩ ᠬᠥᠳᠡᠭᠡ ᠲᠣᠰᠬᠤᠨ ᠤ  ᠲᠤᠪᠴᠢᠶ᠎ᠠ ᠠᠴᠠ ᠭᠤᠸᠠᠩᠳᠦ᠋ᠩ ᠰᠢᠶᠠᠩᠭᠠᠩ ᠣᠣᠮᠧᠨ ᠤ ︽ᠬᠤᠯᠢᠰᠢᠨ ᠢᠳᠡᠭᠡᠨ︾᠎ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢᠶᠠᠷ ᠮᠠᠭᠠᠳᠯᠠᠨ ᠲᠣᠭᠲᠠᠭᠠᠪᠠ᠃
  ᠠᠵᠤ ᠦᠢᠯᠡᠰ ᠢᠶᠠᠷ ᠲᠤᠯᠭᠠᠭᠤᠷᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠣᠲᠣᠭᠠᠳᠤ  ᠬᠦᠳᠡᠯᠭᠡᠬᠦ ᠬᠦᠴᠦᠨ ᠢ ᠬᠥᠭᠵᠢᠭᠡᠪᠡ    ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ  ᠭᠤᠣᠯ ᠵᠦᠢᠯ ᠮᠥᠨ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ ᠦᠷᠭᠦᠯᠵᠢᠯᠡᠬᠦ ᠴᠢᠨᠠᠷ ᠲᠠᠢ ᠰᠢᠭᠤᠳ ᠬᠤᠯᠪᠣᠭᠳᠠᠵᠤ᠂ ᠨᠡᠩ ᠴᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠪᠣᠯᠤᠨ ᠶᠠᠰᠤ ᠴᠢᠨᠠᠷ ᠢ ᠲᠣᠭᠲᠠᠭᠠᠵᠤ ᠪᠠᠶᠢᠳᠠᠭ᠃ ᠹᠠᠩ ᠱᠧᠨ ᠲᠣᠰᠬᠤᠨ ᠨᠢ ᠮᠡᠳᠡᠭᠡ ᠵᠠᠩᠭᠢᠴᠢᠯᠠᠯᠲᠠ ᠪᠠᠷ ᠬᠥᠳᠡᠯᠭᠡᠭᠦᠷ ᠪᠣᠯᠭᠠᠵᠤ᠂ ᠬᠦᠷᠢᠶᠡᠯᠡᠩ ᠲᠣᠭᠤᠷᠢᠭ ᠤᠨ ᠨᠠᠮ ᠣᠯᠠᠨ ᠲᠦᠮᠡᠨ ᠤ  ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠲᠠᠢ ᠤᠶᠠᠯᠳᠤᠭᠤᠯᠵᠤ᠂ ︽ᠨᠠᠮ ᠤᠨ ᠪᠠᠶᠢᠭᠤᠯᠤᠯᠲᠠ + ᠮᠡᠳᠡᠭᠡ ᠵᠠᠩᠭᠢᠵᠢᠯᠲᠠ︾᠎ ᠶᠢᠨ ᠬᠥᠭᠵᠢᠯᠲᠡ ᠶᠢᠨ ᠵᠠᠭᠪᠤᠷ  ᠢ ᠶᠡᠬᠡᠪᠡᠷ  ᠬᠡᠷᠡᠭᠵᠢᠭᠦᠯᠦᠨ᠂ ᠨᠠᠮ ᠤᠨ ᠪᠠᠶᠢᠭᠤᠯᠤᠯᠲᠠ ᠶᠢᠨ ᠰᠢᠭᠤᠳ ᠨᠡᠪᠲᠡᠷᠡᠬᠦ ᠲᠡᠷᠭᠡ᠂ ᠦᠢᠯᠡᠳᠬᠦᠨ ᠤ ᠶᠠᠰᠤ ᠴᠢᠨᠠᠷ  ᠢ ᠬᠢᠨᠠᠨ  ᠡᠵᠡᠮᠳᠡᠬᠦ ᠰᠢᠰᠲ᠋ᠧᠮ᠂ ᠬᠠᠩᠭᠠᠨ ᠪᠣᠷᠣᠯᠠᠭᠤᠯᠬᠤ e ᠭᠡᠷ ᠤᠨ ᠴᠠᠬᠢᠯᠭᠠᠨ ᠬᠡᠷᠡᠭᠰᠡᠯ ᠤᠨ ᠬᠤᠳᠠᠯᠳᠤᠭᠠᠨ ᠤ ᠲᠠᠪᠴᠠᠩ ᠳᠤ ᠲᠦᠰᠢᠭᠯᠡᠨ᠂ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠯ ᠢ  ᠠᠮᠢᠳᠤᠯᠭᠠᠵᠢᠭᠤᠯᠵᠤ᠂  ᠦᠢᠯᠡᠳᠬᠦᠨ ᠤ ᠶᠠᠰᠤ ᠴᠢᠨᠠᠷ ᠢ ᠮᠥᠷᠳᠡᠵᠦ  ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ  ᠱᠤᠭᠤᠮ ᠢ ᠳᠡᠭᠡᠭᠰᠢᠯᠡᠭᠦᠯᠬᠦ ᠶᠢ ᠲᠦᠯᠬᠢᠨ  ᠠᠬᠢᠭᠤᠯᠪᠠ᠃ ᠣᠯᠠᠨ ᠡᠰᠢᠵᠢᠭᠰᠡᠨ ᠣᠷᠣᠯᠴᠠᠯᠭ᠎ᠠ ᠪᠠᠷ ᠳᠠᠮᠵᠢᠨ᠂ ᠲᠣᠰᠬᠤᠨ ᠤ ᠬᠠᠮᠲᠤ ᠠᠴᠠ ᠪᠠᠶᠢᠭᠤᠯᠤᠭᠰᠠᠨ ᠪᠠᠷᠢᠮᠵᠢᠶ᠎ᠠ ᠲᠠᠢ ᠨᠡᠷᠡᠨ ᠤ  ᠬᠦᠯᠦᠮᠵᠢ ᠢ 5000 ᠲᠥᠭᠦᠷᠢᠭ  ᠤᠨ ᠦᠨ᠎ᠡ ᠪᠠᠷ ᠳᠠᠭᠠᠭᠠᠴᠢᠯᠠᠭᠤᠯᠵᠠᠶ᠃  ᠨᠢᠭᠡ ᠲᠠᠯ᠎ᠠ ᠪᠠᠷ ᠲᠣᠮᠣ ᠫᠧᠩ ᠲᠦᠷᠢᠶᠡᠰᠦᠯᠡᠭᠰᠡᠨ ᠲᠠᠷᠢᠶᠠᠴᠢᠨ ᠡᠷᠦᠬᠡ ᠵᠢᠯ ᠪᠦᠷᠢ 5000 ᠲᠥᠭᠦᠷᠢᠭ ᠤᠨ ᠳᠦᠷᠢᠶᠡᠰᠦ ᠲᠤᠰᠢᠶᠠᠪᠠᠯ ᠬᠥᠳᠡᠭᠡ ᠠᠵᠤ ᠠᠬᠤᠶ ᠶᠢᠨ  ᠦᠢᠯᠡᠳᠪᠦᠷᠢᠯᠡᠯ  ᠬᠢᠵᠦ᠂ ᠲᠠᠷᠢᠶᠠᠴᠢᠨ ᠡᠷᠦᠬᠡ ᠶᠢᠨ ᠶᠠᠳᠠᠭᠤ ᠠᠴᠠ ᠠᠩᠭᠢᠵᠢᠷᠠᠨ  ᠪᠠᠶᠠᠵᠢᠬᠤ ᠡᠬᠢᠯᠡᠯᠲᠡ ᠶᠢᠨ ᠪᠡᠯᠡ ᠮᠥᠩᠭᠦ ᠬᠦᠷᠦᠯᠴᠡᠬᠦ ᠦᠭᠡᠢ ᠪᠠᠶᠢᠬᠤ ᠠᠰᠠᠭᠤᠳᠠᠯ ᠢ  ᠰᠢᠢᠳᠪᠦᠷᠢᠯᠡᠵᠡᠢ︔ ᠨᠦᠬᠦᠭᠡ ᠲᠠᠯ᠎ᠠ ᠪᠠᠷ᠂ ᠲᠣᠮᠣ ᠫᠧᠩ ᠲᠦᠷᠢᠶᠡᠰᠦᠯᠡᠬᠦ ᠦᠭᠡᠶ ᠲᠠᠷᠢᠶᠠᠴᠢᠨ ᠡᠷᠦᠬᠡ ᠵᠢᠯ ᠪᠦᠷᠢ ᠮᠦ ᠪᠦᠷᠢ 500᠎ ᠠᠴᠠ 700 ᠲᠥᠭᠦᠷᠢᠭ ᠭᠠᠵᠠᠷ ᠰᠢᠷᠣᠶ ᠶᠢᠨ ᠡᠷᠭᠢᠯᠲᠡ ᠶᠢᠨ ᠲᠦᠷᠢᠶᠡᠰᠦᠨ ᠮᠥᠩᠭᠦ ᠣᠯᠬᠤ ᠠᠴᠠ ᠭᠠᠳᠠᠨ᠎ᠠ ᠪᠠᠰᠠ ᠠᠵᠤ  ᠦᠢᠯᠡᠰ ᠤᠨ ᠬᠦᠷᠢᠶᠡᠯᠡᠩ ᠲᠣᠭᠤᠷᠢᠭ ᠲᠤ ᠬᠦᠴᠦ ᠶᠠᠪᠤᠵᠤ  ᠂ ᠰᠠᠷ᠎ᠠ ᠪᠦᠷᠢ 2000᠎ ᠠᠴᠠ 3000 ᠲᠥᠭᠦᠷᠢᠭ ᠤᠨ ᠴᠠᠯᠢᠩ  ᠤᠨ ᠣᠷᠣᠯᠭ᠎ᠠ ᠣᠯᠤᠨ᠎ᠠ᠃
    ᠶᠡᠷᠦᠩᠬᠡᠶᠢᠯᠡᠨ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ  ᠲᠡᠭᠦᠯᠳᠡᠷᠵᠢᠭᠦᠯᠪᠡ    ᠬᠥᠭᠵᠢᠨ ᠪᠤᠵᠠᠭᠠᠶᠢᠷᠬᠠᠰᠠᠨ ᠲᠣᠰᠬᠤᠨ ᠤ ᠬᠠᠮᠲᠤ ᠶᠢᠨ ᠠᠵᠤ ᠠᠬᠤᠶ ᠪᠠᠷ ᠲᠦᠰᠢᠭ ᠲᠤᠯᠭᠠᠭᠤᠷᠢ ᠪᠣᠯᠭᠠᠵᠤ᠂ ᠪᠠᠰᠠ ᠬᠠᠷᠢᠯᠴᠠᠨ ᠵᠣᠬᠢᠴᠠᠯᠳᠤᠬᠤ ᠠᠷᠭ᠎ᠠ ᠬᠡᠮᠵᠢᠶ᠎ᠡ ᠠᠪᠴᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ  ᠰᠡᠳᠬᠢᠯ ᠢ ᠳᠤᠯᠠᠭᠠᠴᠠᠭᠤᠯᠵᠤ᠂ ᠲᠠᠷᠢᠬᠢ ᠲᠣᠯᠣᠭᠠᠶ ᠶᠢ ᠨᠢ ᠰᠢᠨᠡᠳᠬᠡᠵᠦ᠂ ᠡᠷᠴᠢ ᠵᠣᠷᠢᠭ ᠢ ᠨᠢ  ᠬᠥᠪᠴᠢᠯᠡᠪᠡᠯ ᠰᠠᠶ᠋ᠢ᠂  ᠬᠦᠴᠢᠷᠳᠡᠯᠲᠡᠶ ᠣᠯᠠᠨ ᠲᠦᠮᠡᠨ ᠢ ᠥᠪᠡᠷ ᠤᠨ ᠬᠤᠶᠠᠷ ᠭᠠᠷ ᠢᠶᠠᠷ ᠢᠶᠠᠨ ᠶᠠᠳᠠᠭᠤ ᠬᠦᠴᠢᠷᠳᠡᠯ ᠠᠴᠠ  ᠠᠩᠭᠢᠵᠢᠷᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠦᠨᠡᠨ ᠬᠦ  ᠪᠠᠲᠤᠯᠠᠵᠤ᠂ ᠤᠯᠠᠨ ᠲᠦᠮᠡᠨ ᠢ ︽ᠶᠠᠳᠠᠭᠤ ᠠᠴᠠ ᠠᠩᠭᠢᠵᠢᠷᠠᠭᠤᠯᠵᠤ︾ ᠪᠠᠶᠢᠭᠰᠠᠨ  ᠠᠴᠠ ᠪᠠᠨ ︽ ᠪᠠᠶᠠᠵᠢᠬᠤ ︾ ᠪᠣᠯᠭᠠᠵᠤ ᠴᠢᠳᠠᠨ᠎ᠠ᠃ ᠡᠶᠢᠮᠦ ᠠᠴᠠ᠂ ᠹᠠᠩ ᠱᠧᠨ ᠲᠣᠰᠬᠤᠨ ᠨᠢ ᠲᠣᠰ ᠲᠣᠰᠬᠤᠨ ᠤ ᠪᠣᠳᠠᠲᠤ  ᠪᠠᠶᠢᠳᠠᠯ ᠲᠠᠢ ᠤᠶᠠᠯᠳᠤᠭᠤᠯᠤᠨ᠂ ᠠᠵᠤ ᠦᠢᠯᠡᠰ ᠢᠶᠠᠷ ᠬᠦᠴᠦᠯᠡᠬᠦ ᠴᠡᠭ ᠪᠣᠯᠭᠠᠵᠤ᠂ ᠳᠥᠷᠪᠡᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠣᠯᠠᠨ ᠲᠦᠮᠡᠨ ᠢ ᠠᠵᠤ  ᠦᠢᠯᠡᠰ ᠤᠨ ᠬᠥᠭᠵᠢᠯᠲᠡ ᠶᠢᠨ ᠡᠯ᠎ᠡ ᠵᠠᠩᠭᠢᠯᠠᠭ᠎ᠠ ᠳᠤ ᠣᠷᠣᠭᠤᠯᠵᠤ᠂ ᠣᠯᠠᠨ ᠲᠦᠮᠡᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠶᠢ ᠦᠨᠡᠨᠬᠦ  ᠪᠠᠲᠤᠯᠠᠵᠠᠢ᠃ ᠨᠢᠭᠡ ᠳᠤ᠂ ᠴᠢᠨᠡᠭᠡᠯᠢᠭᠵᠢᠯ ᠤᠨ ᠰᠠᠭᠤᠷᠢ ᠮᠥᠩᠭᠦ ᠨᠢ ᠬᠥᠭᠵᠢᠯᠲᠡ ᠶᠢ  ᠳᠡᠮᠵᠢᠪᠡ᠃ ᠶᠤᠸᠠᠨ ᠪᠦᠦ ᠱᠠᠨ ᠲᠣᠭᠤᠷᠢᠭ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ︽ᠭᠤᠷᠪᠠ ᠶᠢ ᠨᠢᠭᠡᠳᠦᠯᠲᠡᠶ  ᠲᠦᠯᠦᠪᠯᠡᠭᠦᠯᠬᠦ︾᠎ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠤᠤᠯ ᠤᠨ ᠪᠠᠶᠢᠭᠰᠠᠨ ᠠᠵᠤ  ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ  ᠵᠦᠢᠯ ᠳᠤ ᠲᠦᠰᠢᠭᠯᠡᠨ᠂ ᠵᠢᠯ ᠪᠦᠷᠢ ᠠᠵᠤ ᠦᠢᠯᠡᠰ ᠤᠨ ᠠᠰᠢᠭ ᠬᠤᠨᠵᠢᠪᠣᠷᠢ ᠶᠢᠨ 10%᠎ ᠶᠢ ᠭᠠᠷᠭᠠᠨ ᠠᠪᠴᠤ ᠪᠠᠶᠠᠵᠢᠭᠤᠯᠬᠤ ᠰᠠᠭᠤᠷᠢ ᠮᠥᠩᠭᠦ ᠪᠠᠶᠢᠭᠤᠯᠤᠨ᠎ᠠ᠃ ᠪᠠᠶᠠᠵᠢᠭᠤᠯᠬᠤ ᠰᠠᠭᠤᠷᠢ ᠮᠥᠩᠭᠦ ᠶᠢ ᠱᠧᠩ ᠶᠤᠸᠠᠨ ᠺᠣᠮᠫᠠᠨᠢ ᠠᠴᠠ ᠬᠠᠷᠢᠭᠤᠴᠠᠨ ᠡᠵᠡᠩᠨᠡᠵᠦ᠂ ᠭᠤᠣᠯᠳᠠᠭᠤ ᠠᠵᠤ  ᠦᠢᠯᠡᠰ ᠤᠨ ᠬᠥᠭᠵᠢᠯᠲᠡ ᠶᠢᠨ ᠬᠦᠰᠡᠯ ᠡᠷᠡᠮᠡᠯᠵᠡᠯ ᠪᠠ ᠴᠢᠳᠠᠪᠤᠷᠢ ᠲᠠᠢ ᠲᠠᠷᠢᠶᠠᠴᠢᠨ ᠡᠷᠦᠬᠡ ᠳᠤ ᠪᠡᠯᠡ ᠮᠥᠩᠭᠦ ᠶᠢᠨ ᠳᠡᠮᠵᠢᠯᠭᠡ ᠬᠠᠩᠭᠠᠨ᠎ᠠ᠃ ᠭᠤᠣᠯ ᠠᠷᠭ᠎ᠠ ᠬᠡᠯᠪᠡᠷᠢ ᠨᠢ ᠬᠥᠭᠵᠢᠯᠲᠡ ᠶᠢᠨ ᠴᠢᠳᠠᠪᠤᠷᠢ ᠲᠠᠢ ᠲᠠᠷᠢᠶᠠᠴᠢᠨ ᠡᠷᠦᠬᠡ  ᠭᠤ‌‍ᠶᠤᠴᠢᠯᠠᠯ ᠭᠠᠷᠭᠠᠵᠤ᠂ ᠲᠣᠰᠬᠤᠨ ᠎ ᠠᠴᠠ ᠬᠥᠭᠵᠢᠯᠲᠡ ᠶᠢᠨ ᠴᠢᠳᠠᠪᠤᠷᠢ ᠳᠤ ᠦᠨᠡᠯᠡᠯᠲᠡ ᠬᠢᠵᠦ᠂ ᠱᠠᠭᠠᠷᠳᠠᠯᠭ᠎ᠠ ᠳᠤ  ᠨᠡᠶᠢᠴᠡᠭᠰᠡᠨ ᠲᠠᠷᠢᠶᠠᠴᠢᠨ ᠡᠷᠦᠬᠡ ᠶᠢ ᠱᠧᠩ ᠶᠤᠸᠠᠨ ᠺᠣᠮᠫᠠᠨᠢ ᠠᠴᠠ ᠫᠧᠩ ᠰᠠᠷᠠᠪᠴᠢ ᠶᠢ  ᠳᠠᠭᠠᠭᠠᠴᠢᠯᠠᠭᠤᠯᠵᠤ᠂ 3᠄ 2᠎ ᠤᠨ ᠬᠠᠷᠢᠴᠠᠯ ᠢᠶᠠᠷ ᠲᠠᠷᠢᠶᠠᠯᠠᠬᠤ ᠡᠷᠦᠬᠡ ᠳᠤ ᠬᠥᠭᠵᠢᠯᠲᠡ ᠶᠢᠨ ᠪᠡᠯᠡ ᠮᠥᠩᠭᠦ ᠬᠠᠩᠬᠠᠨ᠎ᠠ᠃ ᠬᠤᠶᠠᠷ ᠲᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠪᠠᠲᠤᠯᠠᠵᠤ ᠡᠪᠡᠳᠴᠢᠨ ᠡᠮᠭᠡᠭ ᠤᠨ ᠰᠡᠷᠭᠡᠶᠢᠯᠡᠨ᠎ᠡ᠃ ᠪᠦᠬᠦ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠬᠠᠷᠢᠯᠴᠠᠨ ᠪᠠᠲᠤᠯᠠᠵᠤ ᠬᠠᠷᠢᠯᠴᠠᠨ ᠬᠠᠪᠰᠤᠷᠤᠯᠴᠠᠬᠤ ᠬᠡᠯᠪᠡᠷᠢ ᠪᠠᠷ ︽ᠲᠣᠰᠬᠤᠨ ᠤ ᠠᠷᠠᠳ ᠬᠠᠷᠢᠯᠴᠠᠨ ᠪᠠᠲᠤᠯᠠᠬᠤ︾᠎ ᠶᠢ  ᠪᠠᠶᠢᠭᠤᠯᠵᠠᠢ᠃ ᠭᠠᠴᠠᠭᠠᠨ ᠤ ᠠᠷᠠᠳ ᠡᠷᠦᠬᠡ ᠪᠠᠷ ᠨᠢᠭᠡᠴᠢ ᠪᠣᠯᠭᠠᠵᠤ᠂ ᠬᠥᠮᠦᠨ ᠪᠦᠷᠢ ᠵᠢᠯ ᠪᠦᠷᠢ 20 ᠲᠥᠭᠦᠷᠢᠭ ᠤᠨ ᠪᠠᠷᠢᠮᠵᠢᠶ᠎ᠠ ᠶᠣᠰᠣᠭᠠᠷ ᠳᠠᠭᠠᠳᠬᠠᠯ ᠳᠤ ᠣᠷᠣᠯᠴᠠᠵᠤ᠂ ᠲᠣᠰᠬᠤᠨ ᠤ  ᠬᠠᠮᠲᠤ ᠶᠢᠨ ᠠᠵᠤ ᠦᠢᠯᠡᠰ ᠤᠨ ᠠᠰᠢᠭ ᠬᠤᠨᠵᠢᠪᠣᠷᠢ ᠠᠴᠠ 2% ︵ᠬᠥᠮᠦᠨ ᠪᠦᠷᠢ ᠪᠠᠷᠤᠭ 40 ᠲᠥᠭᠦᠷᠢᠭ︶ ᠭᠠᠷᠭᠠᠨ ᠠᠪᠬᠤ ᠪᠠᠷᠢᠮᠵᠢᠶ᠎ᠠ ᠪᠠ ᠨᠡᠶᠢᠭᠡᠮ ᠤᠨ ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ ᠶᠣᠰᠣᠭᠠᠷ ᠬᠥᠮᠦᠨ ᠪᠦᠷᠢ 40᠎  ᠲᠦᠭᠦᠷᠢᠭ ᠤᠨ ᠪᠠᠷᠢᠮᠵᠢᠶ᠎ᠠ ᠶᠣᠰᠣᠭᠠᠷ ᠵᠣᠬᠢᠴᠠᠯᠳᠤᠭᠤᠯᠤᠨ᠎ᠠ᠃ ᠭᠤᠣᠯᠳᠠᠭᠤ ᠭᠠᠴᠠᠭᠠᠨ ᠤ ᠠᠷᠠᠳ ᠡᠪᠡᠳᠴᠢᠨ ᠢᠶᠠᠷ ᠵᠡᠮᠳᠡᠭ ᠪᠣᠯᠤᠭᠰᠠᠨ ᠡᠮᠨᠡᠯᠭᠡ ᠳᠤ ᠰᠠᠭᠤᠭᠰᠠᠨ ᠡᠯ᠎ᠡ ᠲᠥᠷᠥᠯ ᠤᠨ ᠳᠠᠭᠠᠳᠬᠠᠯ ᠤᠨ ᠳᠠᠩᠰᠠ ᠲᠠᠶᠢᠯᠤᠭᠰᠠᠨ ᠤ ᠳᠠᠷᠠᠭ᠎ᠠ᠂ ᠬᠤᠪᠢ ᠶᠢᠨ  ᠰᠦᠢᠳᠬᠡᠯ ᠤᠨ ᠬᠡᠰᠡᠭ ᠨᠢ 3000 ᠲᠥᠭᠦᠷᠢᠭ ᠠᠴᠠ ᠬᠡᠲᠦᠷᠡᠭᠰᠡᠨ ᠪᠣᠯ 10%᠎ ᠶᠢᠨ ᠪᠠᠷᠢᠮᠵᠢᠶ᠎ᠠ ᠪᠠᠷ ᠬᠤᠶᠠᠷ ᠤᠳᠠᠭ᠎ᠠ ᠳᠠᠩᠰᠠ ᠲᠠᠶᠢᠯᠵᠤ᠂ ᠡᠪᠡᠳᠴᠢᠨ᠂ ᠵᠡᠮᠳᠡᠭ ᠠᠴᠠ ᠪᠣᠯᠵᠤ ᠶᠠᠳᠠᠭᠤᠷᠠᠬᠤ ᠳᠠᠯᠳᠠ ᠭᠡᠮ ᠢ ᠦᠨᠡᠨᠬᠦ  ᠠᠷᠢᠯᠭᠠᠵᠠᠢ᠃ ᠭᠤᠷᠪᠠ ᠳᠤ᠂ ᠨᠠᠷᠢᠯᠢᠭ ᠣᠨᠣᠴᠠᠲᠠᠶ ᠪᠠᠷ ᠠᠵᠢᠯ ᠤᠨ ᠪᠠᠶᠢᠷᠢ ᠭᠠᠷᠭᠠᠵᠤ ᠬᠥᠳᠡᠯᠭᠡᠬᠦ ᠬᠦᠴᠦᠨ ᠢ  ᠨᠡᠮᠡᠭᠳᠡᠭᠦᠯᠪᠡ᠃ ᠨᠢᠭᠡ ᠲᠠᠯ᠎ᠠ ᠪᠠᠷ ᠠᠵᠢᠯ ᠤᠨ ᠪᠠᠶᠢᠷᠢ ᠭᠠᠷᠭᠠᠵᠤ᠂  ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠵᠡᠷᠭᠡ ᠭᠤᠭᠴᠤᠭ᠎ᠠ ᠳᠤ᠂  ᠣᠷᠣᠯᠭ᠎ᠠ ᠪᠠᠭᠠᠲᠠᠶ ᠬᠥᠮᠦᠰ ᠲᠤ ᠴᠢᠭᠯᠡᠭᠦᠯᠦᠨ᠂ ᠬᠥᠯᠥᠰᠥ ᠣᠯᠭᠤᠮᠵᠢ ᠪᠤᠳᠤᠬᠤ ᠠᠵᠢᠯ ᠤᠨ ᠪᠠᠶᠢᠷᠢ ᠶᠢ ᠲᠤᠰᠬᠠᠶᠢᠯᠠᠨ ᠲᠣᠭᠲᠠᠭᠠᠵᠤ᠂ ᠣᠷᠣᠯᠭ᠎ᠠ ᠪᠠᠭᠠᠲᠠᠶ  ᠬᠠᠮᠲᠤᠯᠠᠭ᠎ᠠ ᠶᠢᠨ ᠣᠷᠣᠯᠭ᠎ᠠ ᠶᠢ ᠠᠮᠢᠳᠤᠯᠢᠭ ᠣᠨᠣᠪᠴᠢᠲᠠᠶ ᠪᠠᠷ ᠨᠡᠮᠡᠭᠳᠡᠭᠦᠯᠦᠨ᠎ᠡ︔ ᠨᠥᠭᠦᠭᠡ ᠲᠠᠯ᠎ᠠ ᠪᠠᠷ᠂ ᠬᠥᠮᠦᠨ ᠎ ᠳᠤ ᠨᠢ ᠵᠤᠬᠢᠴᠠᠭᠤᠯᠤᠨ ᠠᠵᠢᠯ ᠤᠨ ᠪᠠᠶᠢᠷᠢ ᠲᠣᠭᠲᠠᠭᠠᠵᠤ᠂ ᠲᠠᠷᠢᠶᠠᠴᠢᠨ ᠡᠷᠦᠬᠡ ᠶᠢᠨ ᠪᠡᠶ᠎ᠡ  ᠮᠠᠬᠠᠪᠤᠳ ᠤᠨ ᠪᠠᠶᠢᠳᠠᠯ ᠪᠠ ᠥᠪᠡᠷ ᠤᠨ ᠣᠨᠴᠠᠯᠢᠭ ᠲᠠᠢ ᠤᠶᠠᠯᠳᠤᠭᠤᠯᠤᠨ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠲᠦᠰᠢᠭᠯᠡᠨ᠂ ᠲᠣᠰᠬᠤᠨ ᠤ ᠬᠠᠮᠲᠤ ᠶᠢᠨ  ᠠᠵᠤ ᠠᠬᠤᠶ ᠪᠠᠷ ᠪᠠᠲᠤᠯᠠᠭ᠎ᠠ ᠪᠣᠯᠭᠠᠵᠤ᠂ ᠠᠵᠢᠯ ᠣᠯᠭᠤᠬᠤ ᠠᠵᠢᠯ ᠤᠨ ᠪᠠᠶᠢᠷᠢ ᠶᠢ ᠢᠳᠡᠪᠬᠢᠲᠡᠶ ᠪᠠᠷ ᠨᠡᠭᠡᠭᠡᠨ ᠥᠷᠭᠡᠳᠬᠡᠵᠦ᠂ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠳᠠᠶᠢᠴᠢᠯᠠᠨ ᠬᠥᠭᠵᠢᠭᠡᠨ᠎ᠡ᠃ ᠳᠥᠷᠪᠡ ᠳᠤ᠂ ᠣᠯᠠᠨ  ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠶᠤᠨ ᠤᠬᠠᠭᠠᠨ ᠢ ᠨᠢ  ᠦᠨᠡᠨᠬᠦ ᠲᠡᠳᠬᠦᠪᠡ᠃  ᠲᠤᠭᠤᠷᠢᠭ ᠤᠨ ᠠᠵᠤ  ᠦᠢᠯᠡᠳᠪᠦᠷᠢ ᠠᠷᠠᠯᠵᠢᠶ᠎ᠠ ᠬᠤᠳᠠᠯᠳᠤᠭ᠎ᠠ ᠶᠢᠨ ᠬᠤᠯᠪᠣᠭ᠎ᠠ ᠲᠠᠢ ᠢᠳᠡᠪᠬᠢᠲᠡᠢ ᠵᠣᠯᠭᠠᠭᠤᠯᠵᠤ᠂ ᠬᠠᠶᠢᠷ᠎ᠠ ᠬᠠᠯᠠᠮᠵᠢ ᠲᠠᠢ ᠠᠵᠤ ᠠᠬᠤᠶᠢᠯᠠᠯ ᠤᠨ ᠬᠤᠤᠰᠯᠠᠯ ᠪᠠᠶᠢᠭᠤᠯᠤᠨ᠂ ᠬᠦᠴᠢᠷᠳᠡᠯᠲᠡᠶ ᠭᠡᠷ ᠪᠦᠯᠢ ᠶᠢᠨ ᠰᠤᠷᠤᠭᠴᠢᠳ ᠲᠠᠢ  ᠰᠠᠨᠠᠭᠠᠴᠢᠯᠠᠭ᠎ᠠ ᠠᠴᠠ ᠪᠠᠨ  ᠬᠠᠷᠢᠯᠴᠠᠪᠠ᠃ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠤᠨ ᠬᠠᠨᠳᠢᠪ ᠴᠤᠭᠯᠠᠭᠤᠯᠬᠤ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠢᠶᠠᠩ ᠤᠨ ᠮᠡᠷᠭᠡᠳ ᠨᠡᠷᠡᠲᠦ ᠬᠥᠮᠦᠰ ᠢ ᠳᠠᠶᠢᠴᠢᠯᠠᠨ ᠬᠦᠴᠦ ᠭᠠᠷᠭᠠᠯᠭᠠᠵᠤ ᠲᠤᠰᠬᠠᠶ ᠰᠤᠷᠭᠠᠨ ᠬᠥᠮᠦᠵᠢᠯ ᠤᠨ ᠰᠠᠭᠤᠷᠢ ᠮᠥᠩᠭᠦ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠨᠡᠶᠢᠭᠡᠮ ᠤᠨ ᠬᠦᠴᠦᠨ ᠤ ᠳᠠᠪᠠᠭᠤᠯᠢᠭ ᠢ  ᠭᠦᠢᠴᠡᠳ ᠪᠠᠳᠠᠷᠠᠭᠤᠯᠪᠠ᠃
  ︵ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠩᠭᠠᠭᠰᠠᠨ ᠡᠬᠡ ᠪᠢᠴᠢᠭ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1