ᠵᠠᠮ ᠬᠠᠷᠢᠯᠴᠠᠭ᠎ᠠ ᠶᠢᠨ ᠬᠠᠮᠢᠶᠠᠷᠤᠯᠲᠠ ᠶᠢᠨ ᠶᠡᠭᠡ ᠠᠩᠭᠢ ︽ᠴᠠᠭᠳᠠᠭ᠎ᠠ ᠡᠮᠴᠢ  ᠬᠠᠮᠲᠤᠷᠠᠨ ᠬᠥᠳᠡᠯᠦᠯᠴᠡᠬᠦ︾ ᠠᠪᠤᠷᠠᠨ ᠲᠤᠰᠠᠯᠠᠬᠤ ᠬᠠᠮᠵᠢᠯᠴᠠᠭ᠎ᠠ ᠶᠢᠨ ᠲᠣᠭᠲᠠᠴᠠ ᠶᠢ ᠯᠠᠪᠳᠠᠭᠤᠨ ᠢᠶᠠᠷ ᠬᠡᠷᠡᠭᠵᠢᠭᠦᠯᠵᠦ ︽ᠵᠠᠭᠤᠨ ᠵᠦᠢᠯ ᠤᠨ ᠪᠣᠳᠠᠲᠤ  ᠬᠡᠷᠡᠭ ᠶᠠᠪᠤᠳᠠᠯ︾᠎ ᠤᠨ ᠲᠤᠰᠬᠠᠶ  ᠲᠦᠷᠦᠯ ᠤᠨ ᠠᠵᠢᠯ ᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2020/7/31
   ︽ᠵᠠᠭᠤᠨ ᠵᠦᠢᠯ ᠤᠨ ᠪᠣᠳᠠᠲᠤ ᠬᠡᠷᠡᠭ ᠶᠠᠪᠤᠳᠠᠯ︾᠎ ᠤᠨ ᠲᠤᠰᠬᠠᠶ ᠠᠵᠢᠯ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠮ ᠬᠠᠷᠢᠯᠴᠠᠭᠠᠨ ᠤ ᠠᠳᠡᠯ ᠤᠨ ᠠᠪᠤᠷᠠᠨ ᠲᠤᠰᠠᠯᠠᠬᠤ ᠴᠢᠳᠠᠪᠤᠷᠢ ᠪᠣᠯᠤᠨ ᠬᠢᠷᠢ ᠲᠦᠪᠰᠢᠨ ᠢ ᠤᠯᠠᠮ ᠨᠢᠭᠡ  ᠠᠯᠬᠤᠮ ᠳᠡᠭᠡᠭᠰᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠠᠳᠡᠯ ᠢ  ᠰᠡᠷᠭᠡᠶᠢᠯᠡᠬᠦ ︽ᠬᠡᠮᠵᠢᠶ᠎ᠡ ᠶᠢ ᠪᠠᠭᠠᠰᠬᠠᠵᠤ ᠶᠡᠭᠡ ᠶᠢ ᠬᠢᠵᠠᠭᠠᠷᠯᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠶᠤᠸᠠᠨ ᠪᠦᠦ ᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ︽ᠴᠠᠭᠳᠠᠭᠠᠨ ᠡᠮᠴᠢ ᠬᠤᠯᠪᠣᠭᠠᠯᠠᠨ ᠬᠥᠳᠡᠯᠦᠯᠴᠡᠬᠦ︾᠎ ᠶᠢ ᠦᠨᠡᠨᠬᠦ ᠬᠡᠷᠡᠭᠵᠢᠭᠦᠯᠵᠦ᠂ ᠵᠠᠮ ᠬᠠᠷᠢᠯᠴᠠᠭᠠᠨ ᠤ ᠠᠳᠡᠯ ᠤᠨ ᠠᠪᠤᠷᠠᠨ ᠲᠤᠰᠠᠯᠠᠬᠤ ︽ᠰᠠᠭᠠᠳ ᠦᠭᠡᠢ ᠨᠡᠪᠲᠡᠷᠡᠬᠦ ᠵᠠᠮ︾᠎ ᠢ  ᠪᠠᠶᠢᠭᠤᠯᠤᠨ᠂ ᠡᠮ ᠡᠮᠨᠡᠯᠭᠡ ᠶᠢᠨ ᠠᠪᠤᠷᠠᠯᠲᠠ ᠶᠢᠨ ᠲᠡᠷᠭᠡ ᠬᠥᠰᠬᠡ ᠳᠤ ᠡᠩ ᠲᠡᠷᠢᠭᠦᠨ ᠳᠤ ᠨᠡᠪᠲᠡᠷᠡᠬᠦ ᠡᠷᠬᠡ  ᠬᠠᠩᠭᠠᠵᠤ᠂ ᠬᠦᠨᠳᠦ ᠰᠢᠷᠬᠠᠲᠤᠭᠰᠠᠳ ᠲᠤ ᠡᠷᠬᠢᠮ ᠨᠠᠨᠳᠢᠨ ᠠᠪᠤᠷᠠᠯᠲᠠ ᠶᠢᠨ ᠴᠠᠭ  ᠤᠯᠭᠤᠨ᠂ ᠵᠠᠮ ᠬᠠᠷᠢᠯᠴᠠᠭᠠᠨ ᠤ ᠠᠳᠡᠯ ᠳᠤ ᠰᠢᠷᠬᠠᠲᠤᠭᠰᠠᠳ ᠢ ᠪᠦᠲᠦᠮᠵᠢᠲᠡᠶ ᠠᠪᠤᠷᠠᠨ ᠲᠤᠰᠠᠯᠠᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ  ᠪᠠᠲᠤᠯᠠᠵᠠᠢ᠃    ᠨᠢᠭᠡ ᠳᠤ  ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ︽ᠴᠠᠭᠳᠠᠭ᠎ᠠ ᠡᠮᠴᠢ ᠬᠠᠮᠲᠤᠷᠠᠨ ᠬᠥᠳᠡᠯᠦᠯᠴᠡᠬᠦ︾ ᠠᠪᠤᠷᠠᠨ ᠲᠤᠰᠠᠯᠠᠬᠤ ᠬᠠᠮᠵᠢᠯᠴᠠᠭ᠎ᠠ ᠶᠢᠨ ᠠᠵᠢᠯ ᠤᠨ ᠲᠥᠰᠦᠯ ᠢ  ᠲᠤᠭᠲᠠᠠᠭᠠᠪᠠ᠃ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠬᠦ ︽ᠬᠡᠮᠵᠢᠶ᠎ᠡ ᠶᠢ  ᠪᠠᠭᠠᠰᠬᠠᠵᠤ ᠶᠡᠭᠡ ᠶᠢ ᠬᠢᠵᠠᠭᠠᠷᠯᠠᠬᠤ︾ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠶᠡᠭᠡ ᠠᠩᠭᠢ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠵᠠᠮ ᠬᠠᠷᠢᠯᠴᠠᠭᠠᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠲᠥᠰᠦᠯ ᠢ ᠲᠣᠭᠲᠠᠭᠠᠵᠤ᠂ ᠵᠠᠮ ᠬᠠᠷᠢᠯᠴᠠᠭᠠᠨ ᠤ ᠠᠳᠡᠯ ᠤᠨ ᠠᠪᠤᠷᠠᠨ ᠲᠤᠰᠠᠯᠠᠬᠤ ᠠᠵᠢᠯ ᠢ ᠢᠳᠡᠪᠬᠢᠲᠡᠶ ᠪᠠᠷ ᠲᠦᠯᠬᠢᠨ  ᠠᠬᠢᠭᠤᠯᠵᠠᠢ᠃   ᠬᠤᠶᠠᠷ ᠲᠤ᠂ ᠵᠠᠮ ᠬᠠᠷᠢᠯᠴᠠᠭᠠᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ᠴᠠᠭᠳᠠᠭᠠᠨ  ᠡᠮᠴᠢ  ᠬᠠᠮᠲᠤᠷᠠᠨ ᠬᠥᠳᠡᠯᠦᠯᠴᠡᠬᠦ︾ ᠠᠵᠢᠯ ᠤᠨ ᠲᠣᠭᠲᠠᠴᠠ ᠶᠢ  ᠪᠠᠶᠢᠭᠤᠯᠪᠠ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠪᠦᠦ ᠱᠠᠨ ᠡᠮᠨᠡᠯᠭᠡ ᠶᠢᠨ ᠬᠤᠷᠢᠶ᠎ᠠ ᠲᠠᠢ  ᠢᠳᠡᠪᠬᠢᠲᠡᠢ ᠪᠠᠷ ᠨᠡᠪᠲᠡᠷᠡᠯᠴᠡᠨ ᠵᠣᠬᠢᠴᠠᠭᠤᠯᠬᠤ ᠶᠢᠨ ᠬᠠᠮᠲᠤ ᠵᠠᠮ ᠬᠠᠷᠢᠯᠴᠠᠭᠠᠨ ᠤ ᠠᠳᠡᠯ ᠤᠨ ᠪᠠᠴᠢᠮ ᠠᠪᠤᠷᠠᠨ  ᠲᠤᠰᠠᠯᠠᠬᠤ ᠬᠠᠮᠲᠤᠷᠠᠭᠰᠠᠨ ᠬᠤᠷᠠᠯᠳᠤᠭᠠᠨ ᠢ ᠬᠤᠷᠠᠯᠳᠤᠭᠤᠯᠪᠠ᠃ ᠬᠤᠶᠠᠷ ᠲᠠᠯ᠎ᠠ ᠪᠠᠷ ᠢᠶᠠᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠴᠢᠭ ᠪᠠᠶᠢᠭᠤᠯᠬᠤ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠠᠯᠠᠪᠤᠷ ᠪᠠᠶᠢᠭᠤᠯᠬᠤ᠂ ᠵᠠᠮ ᠬᠠᠷᠢᠯᠴᠠᠭᠠᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠰᠠᠭᠠᠳ ᠦᠭᠡᠶ ᠨᠡᠪᠲᠡᠷᠡᠬᠦ ᠵᠠᠮ ᠨᠡᠭᠡᠭᠡᠬᠦ ᠵᠡᠷᠭᠡ ᠲᠠᠯ᠎ᠠ  ᠶᠢᠨ ᠤᠴᠢᠷ ᠢ  ᠵᠥᠪᠳᠡᠯᠴᠡᠵᠡᠶ᠃ ᠡᠭᠦᠨ ᠎ ᠳᠤ ᠬᠠᠮᠲᠤ ᠶᠢᠨ ᠲᠠᠨᠢᠯᠲᠠ ᠲᠠᠢ ᠪᠣᠯᠵᠤ᠂  ᠴᠠᠭᠳᠠᠭ᠎ᠠ ᠡᠮᠴᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ  ᠪᠠᠶᠢᠭᠤᠯᠵᠠᠢ᠃    ᠭᠤᠷᠪᠠ ᠳᠤ᠂ ︽ ᠴᠠᠭᠳᠠᠭ᠎ᠠ ᠡᠮᠴᠢ ᠬᠤᠯᠪᠣᠭᠠᠯᠠᠨ ᠬᠥᠳᠡᠯᠦᠯᠴᠡᠬᠦ︾ ᠲᠣᠭᠲᠠᠴᠠ ᠶᠢ ᠡᠬᠢᠯᠡᠨ ᠬᠡᠷᠡᠭᠵᠢᠭᠦᠯᠵᠦ᠂ ᠵᠠᠮ ᠬᠠᠷᠢᠯᠴᠠᠭᠠᠨ ᠤ ᠠᠳᠡᠯ ᠤᠨ ᠰᠢᠷᠬᠠᠲᠤᠭᠰᠠᠳ ᠢ ᠲᠦᠷᠭᠡᠨ ᠠᠪᠤᠷᠠᠨ᠎ᠠ᠃ ᠠᠵᠢᠯ ᠤᠨ ᠳᠤᠮᠳᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠷᠠᠭᠠᠨ ᠳᠠᠪᠲᠠᠮᠵᠢ ᠪᠠᠷ ᠲᠣᠭᠤᠷᠢᠨ ᠪᠠᠶᠢᠴᠠᠭᠠᠬᠤ ᠪᠠ ᠠᠷᠠᠳ ᠤᠨ ᠴᠠᠭᠳᠠᠭ᠎ᠠ ᠪᠠᠷ ᠲᠣᠭᠤᠷᠢᠨ ᠴᠠᠭᠳᠠᠬᠤ ᠡᠷᠴᠢᠮ ᠢᠶᠠᠨ ᠴᠢᠩᠬᠠᠳᠬᠠᠨ ᠵᠠᠮ ᠬᠠᠷᠢᠯᠴᠠᠭᠠᠨ ᠤ  ᠠᠳᠡᠯ ᠢ  ᠤᠯᠵᠣ ᠮᠡᠳᠡᠪᠡᠯ᠂ ᠲᠡᠷᠡ ᠳᠠᠷᠤᠶ ᠳᠤᠨᠢ ᠲᠤᠬᠠᠶ ᠶᠢᠨ ᠬᠥᠮᠦᠨ ᠢ ᠵᠢᠯᠣᠭᠤᠳᠤᠨ ᠥᠪᠡᠷ ᠢ ᠪᠠᠨ ᠠᠪᠤᠷᠠᠵᠤ᠂ ᠬᠠᠮᠤᠭ ᠲᠡᠷᠢᠭᠦᠨ ᠳᠤ 120 ᠲᠦᠷᠭᠡᠨ ᠠᠪᠤᠷᠠᠯᠲᠠ ᠶᠢᠨ ᠬᠥᠮᠦᠰ ᠲᠤ ᠮᠡᠳᠡᠭᠳᠡᠵᠦ᠂ ︽ᠴᠠᠭᠳᠠᠭᠠᠨ ᠡᠮᠴᠢ ᠬᠠᠮᠲᠤᠷᠠᠨ  ᠬᠦᠳᠡᠯᠦᠯᠴᠡᠬᠦ︾ ᠠᠪᠤᠷᠠᠨ ᠲᠤᠰᠠᠯᠠᠬᠤ ᠬᠠᠮᠵᠢᠯᠴᠠᠭ᠎ᠠ ᠶᠢᠨ ᠲᠣᠭᠲᠠᠴᠠ ᠶᠢ ᠳᠠᠷᠦ᠋ᠢᠬᠠᠨ ᠡᠬᠢᠯᠡᠭᠦᠯᠵᠦ᠂ ᠲᠦᠷᠭᠡᠨ ᠠᠪᠤᠷᠠᠯᠲᠠ ᠶᠢᠨ ᠲᠡᠷᠭᠡ ᠪᠣᠯᠤᠨ ᠰᠢᠷᠬᠠᠲᠤᠭᠰᠠᠳ ᠢ ᠵᠥᠭᠡᠭᠡᠪᠦᠷᠢᠯᠡᠵᠦ ᠪᠠᠶᠢᠭ᠎ᠠ ᠲᠡᠷᠭᠡ ᠵᠠᠮ  ᠬᠠᠷᠢᠯᠴᠠᠭᠠᠨ ᠤ ᠳᠣᠬᠢᠶ᠎ᠠ ᠪᠠᠷ  ᠴᠠᠭᠳᠠᠭᠠᠨ ᠤ ᠲᠡᠷᠭᠡ  ᠵᠠᠮ  ᠨᠡᠭᠡᠭᠡᠬᠦ ᠠᠷᠭ᠎ᠠ ᠪᠠᠷ ᠵᠠᠮ ᠬᠠᠷᠢᠯᠴᠠᠭᠠᠨ ᠤ ᠠᠳᠡᠯ ᠤᠨ ᠠᠪᠤᠷᠠᠨ ᠲᠤᠰᠠᠯᠠᠬᠤ ︽ᠰᠠᠭᠠᠳ ᠦᠭᠡᠶ ᠨᠡᠪᠲᠡᠷᠡᠬᠦ ᠵᠠᠮ︾᠎ ᠢ   ᠪᠠᠶᠢᠭᠤᠯᠵᠤ᠂ ᠵᠠᠮ ᠬᠠᠷᠢᠯᠴᠠᠭᠠᠨ ᠤ ᠠᠳᠡᠯ ᠳᠤ ᠰᠢᠷᠬᠠᠲᠤᠭᠰᠠᠳ ᠢ ᠴᠠᠭ ᠲᠤᠬᠠᠶ ᠳᠤᠨᠢ ᠠᠪᠤᠷᠠᠨ  ᠵᠠᠰᠠᠨ᠎ᠠ᠃ ︽ ᠴᠠᠭᠳᠠᠭ᠎ᠠ ᠡᠮᠴᠢ ᠬᠤᠯᠪᠣᠭᠠᠯᠠᠨ ᠬᠦᠳᠡᠯᠦᠯᠴᠡᠬᠦ︾ ᠠᠪᠤᠷᠠᠨ ᠲᠤᠰᠠᠯᠠᠬᠤ ᠬᠠᠮᠵᠢᠯᠴᠠᠭ᠎ᠠ ᠶᠢᠨ ᠲᠣᠭᠲᠠᠴᠠ ᠶᠢ ᠬᠡᠷᠡᠭᠵᠢᠭᠦᠯᠦᠭᠰᠡᠨ ᠠᠴᠠ ᠨᠠᠰᠢ᠂ ᠵᠠᠮ ᠬᠠᠷᠢᠯᠴᠠᠭᠠᠨ ᠤ ᠠᠳᠡᠯ ᠤᠨ ᠰᠢᠷᠬᠠᠲᠠᠨ 3 ᠬᠥᠮᠦᠨ ᠢ ᠲᠦᠷᠭᠡᠨ ᠠᠪᠤᠷᠠᠵᠤ᠂ ᠵᠠᠮ ᠬᠠᠷᠢᠯᠴᠠᠭᠠᠨ ᠤ ᠠᠳᠡᠯ ᠤᠨ ᠰᠢᠷᠬᠠᠲᠠᠨ ᠳᠤ ᠠᠮᠢ ᠨᠠᠰᠤᠨ ᠤ ᠪᠠᠲᠤᠯᠠᠭ᠎ᠠ  ᠬᠠᠩᠭᠠᠵᠠᠢ  ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1