2020 ᠣᠨ ᠤ ᠶᠤᠸᠠᠨ ᠪᠦᠦ ᠱᠠᠨ ᠲᠣᠭᠤᠷᠢᠭ ᠤᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠎ ᠳᠤ ᠣᠷᠣᠭᠤᠯᠤᠨ ᠠᠪᠴᠢᠷᠠᠬᠤ ᠠᠵᠢᠯ  ᠦᠢᠯᠡᠰ ᠤᠨ ᠣᠷᠣᠨ ᠲᠤᠭ᠎ᠠ ᠲᠠᠢ ᠠᠵᠢᠯᠲᠠᠨ ᠤ ᠨᠡᠷ᠎ᠡ ᠮᠡᠳᠡᠭᠦᠯᠬᠦ᠂ ᠠᠵᠢᠯ ᠤᠨ ᠪᠠᠶᠢᠷᠢ ᠶᠢᠨ  ᠵᠢᠭᠰᠠᠭᠠᠯ ᠵᠢᠴᠢ ᠣᠷᠣᠭᠤᠯᠤᠨ ᠠᠪᠴᠢᠷᠠᠬᠤ ᠪᠠᠷ ᠪᠠᠶᠢᠭ᠎ᠠ ᠪᠠᠶᠢᠳᠠᠯ ᠎ ᠤᠨ ᠲᠤᠬᠠᠢ  ᠢᠯᠡ ᠨᠡᠶᠢᠲᠡᠯᠡᠯ
ᠨᠡᠶᠢᠲᠡᠯᠡᠭᠰᠡᠨ ᠴᠠᠭ᠄
2020/7/31
   ᠶᠤᠸᠠᠨ ᠪᠦᠦ ᠱᠠᠨ ᠲᠣᠭᠤᠷᠢᠭ ᠤᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠎ ᠳᠤ ᠣᠷᠣᠭᠤᠯᠤᠨ ᠠᠪᠴᠢᠷᠠᠬᠤ ᠠᠵᠢᠯ  ᠦᠢᠯᠡᠰ ᠤᠨ ᠣᠷᠣᠨ  ᠤᠷᠣᠨ ᠲᠤᠭ᠎ᠠ ᠲᠠᠢ ᠠᠵᠢᠯᠲᠠᠨ ᠎ ᠤ ᠨᠡᠷ᠎ᠡ ᠮᠡᠳᠡᠭᠦᠯᠬᠦ ᠵᠢᠴᠢ ᠠᠵᠢᠯ ᠤᠨ ᠪᠠᠶᠢᠷᠢ ᠶᠢᠨ ᠵᠢᠭᠰᠠᠭᠠᠯᠲᠠ ᠶᠢᠨ ᠠᠵᠢᠯ ᠨᠢᠭᠡᠨᠲᠡ ᠳᠠᠭᠤᠰᠴᠠᠶ᠃ 14 ᠠᠵᠢᠯ ᠤᠨ ᠪᠠᠶᠢᠷᠢ ᠳᠣᠭᠢᠷᠠᠭᠤᠯᠵᠤ᠂ ᠨᠡᠶᠢᠲᠡ 69 ᠬᠥᠮᠦᠨ ᠨᠡᠷ᠎ᠡ ᠮᠡᠳᠡᠭᠦᠯᠵᠦ ᠤᠷᠢᠯᠲᠠ ᠳᠤ ᠤᠷᠤᠯᠴᠠᠵᠠᠢ᠃ ︽ᠶᠤᠸᠠᠨ ᠪᠦᠦ ᠱᠠᠨ ᠲᠣᠭᠤᠷᠢᠭ ᠤᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯ ᠦᠢᠯᠡᠰ  ᠤᠨ ᠣᠷᠣᠨ  ᠲᠤᠭ᠎ᠠ ᠎ ᠲᠠᠢ ᠠᠵᠢᠯᠲᠠᠨ ᠢ ᠣᠷᠣᠭᠤᠯᠤᠨ ᠠᠪᠴᠢᠷᠠᠬᠤ ᠬᠡᠷᠡᠭᠵᠢᠭᠦᠯᠬᠦ ᠲᠥᠰᠦᠯ︾᠎ ᠤᠨ ᠬᠤᠯᠪᠣᠭᠳᠠᠯ ᠪᠦᠬᠦᠢ  ᠲᠤᠭᠲᠠᠭᠠᠯ ᠢ ᠦᠨᠳᠦᠰᠦᠯᠡᠵᠦ᠂ ᠤᠷᠢᠭᠳᠠᠭᠰᠠᠨ ᠬᠥᠮᠦᠰ ᠤᠨ ᠰᠤᠷᠤᠯᠭ᠎ᠠ ᠶᠢᠨ ᠨᠠᠮᠲᠠᠷ᠂ ᠲᠤᠰᠬᠠᠶ ᠮᠡᠷᠭᠡᠵᠢᠯ᠂ ᠠᠵᠢᠯ ᠡᠷᠬᠢᠯᠡᠬᠦ ᠬᠢᠷᠢ ᠬᠡᠮ  ᠵᠡᠷᠭᠡ ᠪᠠᠶᠢᠳᠠᠯ ᠤᠨ ᠬᠢᠨᠠᠨ ᠬᠠᠷᠭᠤᠭᠤᠯᠤᠯᠲᠠ ᠪᠠᠷ ᠳᠠᠮᠵᠢᠨ᠂ ᠲᠡᠷᠡᠴᠢᠯᠡᠨ ᠬᠠᠮᠢᠶ᠎ᠠ ᠪᠦᠬᠦᠢ ᠬᠥᠮᠦᠰ ᠤᠨ ᠰᠤᠷᠭᠠᠭᠤᠯᠢ ᠶᠢᠨ ᠬᠠᠷᠢᠶ᠎ᠠ ᠶᠢᠨ ᠳᠠᠩᠰᠠ ᠡᠪᠬᠡᠮᠡᠯ ᠢ ᠰᠢᠯᠵᠢᠭᠦᠯᠦᠨ ᠦᠵᠡᠵᠦ᠂ ᠲᠤᠰᠬᠠᠶ ᠮᠡᠷᠭᠡᠵᠢᠯ ᠤᠨ ᠬᠢᠷᠢ ᠬᠡᠮ ᠢ ᠲᠡᠷᠢᠭᠦᠨ ᠳᠤ ᠲᠠᠯᠪᠢᠬᠤ᠂ ᠰᠤᠷᠤᠯᠭ᠎ᠠ ᠶᠢᠨ ᠨᠠᠮᠲᠠᠷ ᠢ ᠲᠡᠷᠢᠭᠦᠨ ᠳᠤ ᠲᠠᠯᠪᠢᠬᠤ᠂ ᠶᠡᠭᠡ  ᠳᠡᠭᠡᠳᠦ ᠰᠤᠷᠭᠠᠭᠤᠯᠢ ᠶᠢ ᠲᠡᠷᠢᠭᠦᠨ ᠳᠤ ᠲᠠᠯᠪᠢᠬᠤ᠂ ᠰᠤᠷᠭᠠᠭᠤᠯᠢ  ᠲᠡᠭᠦᠰᠦᠭᠰᠡᠨ ᠬᠢᠷᠢ  ᠪᠦᠲᠦᠮᠵᠢ ᠶᠢ ᠲᠡᠷᠢᠭᠦᠨ ᠳᠤ ᠲᠠᠯᠪᠢᠬᠤ ᠳᠡᠰ ᠳᠠᠷᠠᠭᠠᠯᠠᠯ ᠢᠶᠠᠷ ᠡᠯ᠎ᠡ ᠠᠵᠢᠯ ᠤᠨ ᠪᠠᠶᠢᠷᠢ ᠶᠢᠨ ᠤᠷᠢᠭᠳᠠᠭᠰᠠᠨ  ᠬᠦᠮᠦᠰ ᠢ ᠵᠢᠭᠰᠠᠭᠠᠵᠤ᠂ ᠣᠷᠣᠭᠤᠯᠤᠨ ᠠᠪᠴᠢᠷᠠᠬᠤ ᠪᠠᠷ  ᠪᠠᠶᠢᠭ᠎ᠠ  ᠬᠥᠮᠦᠰ ᠢ ᠲᠣᠭᠲᠠᠭᠠᠵᠠᠶ᠃ ᠡᠳᠦᠭᠡ ᠢᠯᠡ ᠨᠡᠶᠢᠲᠡᠯᠡᠨ᠎ᠡ᠄     ᠨᠢᠭᠡ᠂ ᠢᠯᠡ ᠨᠡᠶᠢᠲᠡᠯᠡᠬᠦ ᠬᠤᠭᠤᠴᠠᠭ᠎ᠠ    ᠨᠡᠶᠢᠲᠡᠯᠡᠬᠦ ᠴᠠᠭ ᠨᠢ 7 ᠡᠳᠦᠷ᠂ 2020 ᠣᠨ ᠤ 7 ᠰᠠᠷ᠎ᠠ ᠶᠢᠨ 28᠎ ᠤ ᠡᠳᠦᠷ ᠠᠴᠠ 2020 ᠣᠨ ᠤ 8 ᠰᠠᠷ᠎ᠠ ᠶᠢᠨ 5᠎ ᠤ ᠡᠳᠦᠷ ᠪᠣᠯᠲᠠᠯ᠎ᠠ᠃     ᠬᠤᠶᠠᠷ᠂ ᠬᠤᠯᠪᠣᠭᠳᠠᠯ ᠪᠦᠬᠦᠢ ᠱᠠᠭᠠᠷᠳᠠᠯᠭ᠎ᠠ    ᠢᠯᠡ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠴᠥᠮ ᠰᠤᠷᠪᠤᠯᠵᠢᠯᠠᠬᠤ ᠪᠠᠷ  ᠢᠷᠡᠬᠦ᠂ ᠵᠠᠬᠢᠳᠠᠯ ᠴᠢᠮᠡᠭᠡ᠂ ᠳ᠋ᠢᠶᠠᠩᠬᠤᠸᠠ ᠵᠡᠷᠭᠡ ᠬᠡᠯᠪᠡᠷᠢ ᠪᠠᠷ ᠢᠯᠡ ᠨᠡᠶᠢᠲᠡᠯᠡᠬᠦ ᠡᠲᠡᠭᠡᠳ ᠤᠨ ᠬᠤᠯᠪᠣᠭᠳᠠᠯ ᠪᠦᠬᠦᠢ ᠪᠠᠢᠳᠠᠯ ᠪᠣᠯᠤᠨ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠳᠤ ᠪᠠᠶᠢᠴᠠᠭᠠᠵᠤ ᠪᠣᠯᠬᠤ ᠭᠡᠷᠡᠴᠢᠯᠡᠭᠴᠢ ᠵᠢᠴᠢ ᠪᠤᠰᠤᠳ ᠬᠤᠯᠪᠣᠭᠳᠠᠯ ᠪᠦᠬᠦᠢ ᠰᠦᠪᠡᠭᠴᠢ ᠬᠠᠩᠭᠠᠬᠤ ᠬᠡᠷᠡᠭᠲᠡᠶ᠃ ᠠᠰᠠᠭᠤᠳᠠᠯ ᠢ ᠲᠤᠰᠬᠠᠭᠰᠠᠨ ᠪᠠ ᠲᠤᠰᠬᠠᠭᠰᠠᠨ ᠠᠰᠠᠭᠤᠳᠠᠯ ᠤᠨ ᠨᠢᠭᠤᠴᠠ ᠶᠢ ᠴᠢᠩᠭ᠎ᠠ ᠬᠠᠮᠠᠭᠠᠯᠠᠨ᠎ᠠ᠃     ᠭᠤᠷᠪᠠ᠂ ᠬᠦᠯᠢᠶᠡᠨ  ᠠᠪᠬᠤ ᠴᠠᠭ ᠬᠤᠭᠤᠴᠠᠭ᠎ᠠ᠂ ᠭᠠᠵᠠᠷ ᠣᠷᠣᠨ ᠵᠢᠴᠢ ᠤᠲᠠᠰᠤ    ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠡᠮᠦᠨᠡᠬᠢ 8᠄ 30 — 12᠄ 00᠂ ᠦᠳᠡ ᠬᠤᠶᠢᠨᠠᠬᠢ 2᠄ 30 — 5᠄ 00᠃    ᠬᠦᠯᠢᠶᠡᠨ ᠠᠪᠴᠤ  ᠰᠢᠢᠳᠪᠦᠷᠢᠯᠡᠬᠦ ᠭᠠᠵᠠᠷ᠄ ᠶᠤᠸᠠᠨ ᠪᠦᠦ ᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 303 ᠲᠠᠰᠤᠭ ︵ᠫᠢᠩᠵᠤᠸᠠᠩ ᠲᠣᠭᠤᠷᠢᠭ ᠤᠨ ᠳᠣᠲᠣᠷ ᠲᠣᠭᠤᠷᠢᠯ  ᠵᠠᠮ ᠤᠨ ᠬᠤᠶᠢᠲᠤ  ᠬᠡᠰᠡᠭ︶    ᠬᠦᠯᠢᠶᠡᠨ ᠠᠪᠬᠤ ᠤᠲᠠᠰᠤ᠄ 0476 — 5850189᠃   ᠳᠠᠭᠠᠯᠳᠤᠭᠤᠯᠤᠯ᠄ ︽2020 ᠣᠨ ᠤ ᠶᠤᠸᠠᠨ ᠪᠦᠦ ᠱᠠᠨ ᠲᠣᠭᠤᠷᠢᠭ ᠤᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠎ ᠳᠤ ᠣᠷᠣᠭᠤᠯᠤᠨ ᠠᠪᠴᠢᠷᠠᠬᠤ ᠠᠵᠢᠯ  ᠦᠢᠯᠡᠰ ᠤᠨ ᠣᠷᠣᠨ  ᠲᠤᠭ᠎ᠠ ᠲᠠᠢ ᠠᠵᠢᠯᠲᠠᠨ ᠤ ᠨᠡᠷ᠎ᠡ  ᠮᠡᠳᠡᠭᠦᠯᠬᠦ᠂ ᠠᠵᠢᠯ ᠤᠨ ᠪᠠᠶᠢᠷᠢ ᠶᠢᠨ  ᠵᠢᠭᠰᠠᠭᠠᠯ ᠵᠢᠴᠢ ᠣᠷᠣᠭᠤᠯᠤᠨ ᠠᠪᠴᠢᠷᠠᠬᠤ ᠪᠠᠷ ᠪᠠᠶᠢᠭ᠎ᠠ ᠪᠠᠶᠢᠳᠠᠯ ᠤᠨ ᠬᠦᠰᠦᠨᠦᠭᠲᠦ︾ xlsx           ᠶᠤᠸᠠᠨ ᠪᠦᠦ ᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ                             2020 ᠣᠨ ᠤ 7 ᠰᠠᠷ᠎ᠠ ᠶᠢᠨ 28᠎ ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1