ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ᠪᠢᠴᠢᠯ ᠨᠠᠮ ᠤᠨ ᠬᠢᠴᠢᠶᠡᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/7/8
   ᠨᠠᠮ ᠢᠶᠠᠨ ᠬᠠᠶᠢᠷᠠᠯᠠᠬᠤ ᠡᠬᠡ ᠣᠷᠣᠨᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠭᠤᠣᠯ  ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠴᠢᠩᠭᠠᠳᠬᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ᠂ ᠦᠨᠳᠦᠰᠦᠲᠡᠨ ᠤ ︽ᠲᠠᠪᠤ ᠶᠢ ᠮᠡᠳᠡᠷᠡᠬᠦ︾ ᠬᠥᠮᠦᠵᠢᠯ ᠢ ᠴᠢᠩᠭᠠᠳᠬᠠᠬᠤ ᠶᠢᠨ ᠲᠥᠯᠥᠭᠡ  ᠂ 2020 ᠣᠨ ᠤ 6 ᠰᠠᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠤᠸᠠᠨ ᠪᠦᠦ ᠱᠠᠨ ᠲᠣᠭᠤᠷᠢᠭ ᠤᠨ ᠬᠠᠷᠢᠶᠠᠲᠤ ᠲᠤᠷᠰᠢᠯᠲᠠ ᠶᠢᠨ ᠪᠠᠭ᠎ᠠ ᠰᠤᠷᠭᠠᠭᠤᠯᠢ ᠪᠣᠯᠤᠨ  ᠮᠤᠬᠤᠷ ᠭᠤᠣᠯ ᠮᠢᠩ  ᠳ᠋ᠧ ᠪᠠᠭ᠎ᠠ ᠰᠤᠷᠭᠠᠭᠤᠯᠢ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠪᠢᠴᠢᠯ ᠬᠡᠯᠪᠡᠷᠢ ᠶᠢᠨ ᠨᠠᠮ ᠤᠨ ᠬᠢᠴᠢᠶᠡᠯ ᠤᠨ ᠠᠵᠢᠯᠯᠠᠭ᠎ᠠ ᠥᠷᠨᠢᠭᠦᠯᠪᠡ᠃   ᠲᠤᠭ ᠮᠠᠨᠳᠤᠭᠤᠯᠬᠤ ᠶᠣᠰᠣᠯᠠᠯ᠂ ᠠᠩᠭᠢ ᠶᠢᠨ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ 2000 ᠭᠠᠷᠤᠶ ᠰᠤᠷᠭᠠᠭᠤᠯᠢ ᠶᠢᠨ ᠨᠠᠮ ᠤᠨ ᠭᠡᠰᠢᠭᠦᠨ ᠪᠣᠯᠤᠨ ᠪᠠᠭᠰᠢ ᠰᠤᠷᠤᠭᠴᠢᠳ ᠲᠤ ᠦᠨᠳᠦᠰᠦᠲᠡᠨ ᠤ ᠬᠠᠤᠯᠢ ᠲᠣᠭᠲᠠᠭᠠᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠪᠦᠯᠬᠦᠮᠳᠡᠯ ᠤᠨ ᠠᠭᠤᠯᠭ᠎ᠠ ᠵᠡᠷᠭᠡ  ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠪᠠᠭᠰᠢ ᠰᠤᠷᠤᠭᠴᠢᠳ ᠤᠨ ᠨᠠᠮ ᠢᠶᠠᠨ ᠬᠠᠶᠢᠷᠠᠯᠠᠬᠤ ᠤᠯᠤᠰ ᠢᠶᠠᠨ  ᠬᠠᠶᠢᠷᠠᠯᠠᠬᠤ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠴᠢᠩᠬᠠᠳᠬᠠᠵᠠᠶ᠃  ᠠᠵᠢᠯᠯᠠᠭ᠎ᠠ ᠨᠢ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ  ᠰᠤᠷᠲᠠᠯ ᠢᠶᠠᠨ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ  ᠦᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1