ᠮᠠᠨ ᠤ ᠲᠤᠭᠤᠷᠢᠭ ᠳᠡᠩᠰᠡᠯᠡᠵᠦ ᠺᠠᠷᠲᠯᠠᠭᠰᠠᠨ 26 ᠶᠠᠳᠠᠭᠤ ᠬᠦᠴᠢᠷᠳᠡᠯᠲᠡᠶ ᠡᠷᠦᠬᠡ ᠳᠤ ᠰᠦᠢᠳᠬᠡᠯ ᠬᠤᠷᠢᠶᠠᠬᠤ ᠥᠬᠡᠶ ᠪᠠᠷ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ  ᠬᠢᠪᠡ
ᠨᠡᠶᠢᠲᠡᠯᠡᠭᠰᠡᠨ ᠴᠠᠭ᠄
2020/8/12
  ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠶᠢᠨ ᠶᠠᠳᠠᠭᠤ ᠠᠴᠠ ᠠᠩᠭᠢᠵᠢᠷᠠᠭᠤᠯᠬᠤ  ᠰᠢᠪᠲᠤᠯᠤᠯᠲᠠ ᠶᠢᠨ ᠠᠵᠢᠯ ᠳᠤᠮᠳᠠᠬᠢ ︽ᠴᠢᠰᠤ ᠪᠦᠲᠦᠭᠡᠬᠦ︾ ᠴᠢᠳᠠᠮᠵᠢ ᠶᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠴᠢᠳᠠᠪᠤᠷᠢ ᠶᠢ  ᠡᠵᠡᠮᠰᠢᠭᠦᠯᠬᠦ ᠡᠭᠦᠳᠡᠨ ᠠᠴᠠ᠂ ᠮᠠᠨ ᠤ  ᠲᠤᠭᠤᠷᠢᠭ  26 ᠶᠠᠳᠠᠭᠤ ᠬᠦᠴᠢᠷᠳᠡᠯᠲᠡᠢ ᠡᠷᠦᠬᠡ ᠳᠤ ᠰᠦᠢᠳᠬᠡᠯ ᠬᠤ‌‍ᠷᠢᠶᠠᠬᠤ ᠦᠭᠡᠢ ᠪᠠᠷ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠵᠦ᠂ ᠣᠷᠣᠯᠭ᠎ᠠ ᠶᠢ ᠨᠢ ᠨᠡᠮᠡᠭᠳᠡᠭᠦᠯᠬᠦ ᠠᠷᠭ᠎ᠠ ᠵᠠᠮ ᠢ ᠦᠷᠭᠡᠳᠬᠡᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ  ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠭᠰᠡᠨ ᠪᠠᠶᠢᠨ᠎ᠠ᠃    ᠪᠣᠯᠪᠠᠰᠤᠷᠠᠭᠤᠯᠤᠯ ᠎ ᠳᠤ  ᠳᠤᠮᠳᠠᠳᠤ ᠮᠠᠶ᠋ᠢᠭ ᠤᠨ  ᠪᠣᠣᠪᠤ ᠬᠢᠬᠦ ᠡᠯᠪᠡᠭ ᠲᠤᠷᠰᠢᠯᠭ᠎ᠠ  ᠎ ᠲᠠᠢ  ᠪᠠᠭᠰᠢ ᠶᠢ ᠵᠠᠯᠠᠵᠤ  ᠬᠢᠴᠢᠶᠡᠯ ᠤᠷᠤᠭᠤᠯᠤᠨ᠂ ᠣᠨᠣᠯ  ᠦᠢᠯᠡᠳᠦᠯᠭᠡ ᠶᠢ ᠤᠶᠠᠯᠳᠤᠭᠤᠯᠬᠤ ᠠᠷᠭ᠎ᠠ ᠮᠠᠶ᠋ᠢᠭ ᠢ  ᠬᠡᠷᠡᠭᠯᠡᠵᠦ᠂ ᠳᠤᠮᠳᠠᠳᠤ ᠮᠠᠶ᠋ᠢᠭ ᠤᠨ  ᠪᠣᠣᠪᠤ ᠬᠢᠬᠦ ᠮᠡᠷᠭᠡᠵᠢᠯ ᠢ ᠤᠯᠠᠮᠵᠢᠯᠠᠭᠰᠠᠨ ᠪᠠᠶᠢᠨ᠎ᠠ᠃    ᠪᠣᠯᠪᠠᠰᠤᠷᠠᠭᠤᠯᠬᠤ ᠬᠤᠭᠤᠴᠠᠭᠠᠨ ᠳᠤ᠂  ᠲᠤᠭᠤᠷᠢᠭ ᠤᠨ ᠠᠵᠢᠯ ᠣᠯᠭᠤᠯᠲᠠ ᠶᠢᠨ ᠲᠣᠪᠴᠢᠶ᠎ᠠ ᠠᠴᠠ ᠰᠤᠷᠤᠭᠴᠢ ᠨᠢᠭᠡᠪᠦᠷᠢ ᠳᠤ ᠡᠳᠦᠷ ᠪᠦᠷᠢ 100 ᠲᠥᠭᠦᠷᠢᠭ ᠤᠨ ᠠᠮᠢᠳᠤᠷᠠᠯ ᠤᠨ ᠨᠥᠬᠦᠪᠥᠷᠢ  ᠤᠯᠭᠤᠵᠣ᠂  ᠪᠤᠯᠪᠠᠰᠤᠷᠠᠯ ᠤᠨ ᠠᠮᠵᠢᠯᠲᠠ ᠲᠠᠢ ᠶᠠᠪᠤᠭᠳᠠᠬᠤ ᠶᠢ ᠪᠠᠲᠤᠯᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1