2020 ᠣᠨ ᠤ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ  ᠪᠠᠭᠰᠢ ᠡᠯᠰᠡᠬᠦ ᠬᠢᠷᠢ ᠬᠡᠮ ᠤᠨ ᠳᠠᠬᠢᠨ ᠬᠢᠨᠠᠯᠲᠠ ᠵᠢᠴᠢ ᠨᠢᠭᠤᠷᠲᠠᠨ ᠰᠢᠯᠭᠠᠯᠲᠠ  ᠬᠢᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2020/8/12
  ︽2020 ᠣᠨ ᠤ ᠤᠯᠠᠭᠠᠨᠬᠠᠳᠠ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠎ ᠤᠨ ᠢᠯᠡ ᠪᠠᠷ ᠠᠵᠢᠯᠲᠠᠨ ᠡᠯᠰᠡᠬᠦ ᠲᠣᠪᠴᠢ ᠳᠦᠷᠢᠮ︾᠎ ᠤᠨ ᠬᠤᠯᠪᠣᠭᠳᠠᠯ ᠪᠦᠬᠦᠢ ᠲᠣᠭᠲᠠᠭᠠᠯ  ᠢ ᠦᠨᠳᠦᠰᠦᠯᠡᠵᠦ ᠂ ᠡᠳᠦᠭᠡ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠠᠵᠢᠯᠲᠠᠨ ᠡᠯᠰᠡᠬᠦ ᠬᠢᠷᠢ ᠬᠡᠮ ᠢ ᠳᠠᠬᠢᠨ ᠬᠢᠨᠠᠬᠤ ᠪᠠ ᠨᠢᠭᠤᠷᠲᠠᠨ ᠰᠢᠯᠭᠠᠬᠤ ᠠᠵᠢᠯ ᠤᠨ ᠬᠤᠯᠪᠣᠭᠳᠠᠯ ᠪᠥᠬᠦᠶ ᠤᠴᠢᠷ ᠤᠳ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠬᠢᠷᠢ ᠬᠡᠮ ᠢ ᠳᠠᠬᠢᠨ ᠬᠢᠨᠠᠬᠤ   ︵ᠨᠢᠭᠡ︶ ᠨᠢᠭᠤᠷᠲᠠᠨ ᠰᠢᠯᠭᠠᠬᠤ ᠬᠢᠷᠢ ᠬᠡᠮ ᠎ ᠢᠶᠠᠨ ᠳᠠᠬᠢᠨ  ᠬᠢᠨᠠᠭᠤᠯᠬᠤ ᠨᠡᠷᠡᠰ  ᠳᠠᠭᠠᠯᠳᠤᠭᠤᠯᠤᠯ᠄ ︽2020 ᠣᠨ ᠤ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠤᠷᠢᠵᠤ ᠬᠡᠷᠡᠭᠯᠡᠬᠦ ᠨᠢᠭᠤᠷᠲᠠᠨ ᠰᠢᠯᠭᠠᠬᠤ ᠬᠢᠷᠢ ᠬᠡᠮ ᠎ ᠢᠶᠠᠨ ᠳᠠᠬᠢᠨ  ᠬᠢᠨᠠᠭᠤᠯᠬᠤ ᠨᠡᠷᠡᠰ︾᠎ ᠲᠤ ᠦᠵᠡ᠃   ︵ᠬᠤᠶᠠᠷ︶ ᠬᠢᠷᠢ ᠬᠡᠮ ᠢ ᠳᠠᠬᠢᠨ ᠬᠢᠨᠠᠬᠤ ᠴᠠᠭ   2020 ᠣᠨ ᠤ 8 ᠰᠠᠷ᠎ᠠ ᠶᠢᠨ 13᠎ ᠤ ᠡᠳᠦᠷ ︵ᠦᠳᠡ ᠶᠢᠨ ᠡᠮᠦᠨᠡᠬᠢ 8᠄ 00 — 12᠄ 00᠂ ᠦᠳᠡ ᠬᠤᠶᠢᠨᠠᠬᠢ 14᠄ 30 — 17᠄ 30︶᠃   ᠦᠳᠡ ᠶᠢᠨ ᠡᠮᠦᠨ᠎ᠡ᠄ ᠪᠠᠭ᠎ᠠ ᠰᠤᠷᠭᠠᠭᠤᠯᠢ ᠶᠢᠨ ᠬᠡᠯᠡ ᠪᠢᠴᠢᠭ᠂ ᠠᠩᠬ᠎ᠠ ᠳᠤᠮᠳᠠᠳᠤ ᠶᠢᠨ ᠬᠡᠯᠡ ᠪᠢᠴᠢᠭ᠂ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ᠂ ᠠᠩᠬ᠎ᠠ ᠳᠤᠮᠳᠠᠳᠤ ᠶᠢᠨ ᠲᠣᠭᠠᠨ ᠤ ᠤᠬᠠᠭᠠᠨ᠂ ᠠᠩᠬ᠎ᠠ ᠳᠤᠮᠳᠠᠳᠤ ᠶᠢᠨ ᠬᠢᠮᠢ᠂ ᠠᠩᠬ᠎ᠠ ᠳᠤᠮᠳᠠᠳᠤ ᠶᠢᠨ ᠠᠮᠢᠳᠤ ᠪᠣᠳᠠᠰ᠂ ᠠᠩᠬ᠎ᠠ ᠳᠤᠮᠳᠠᠳᠤ ᠶᠢᠨ ᠹᠢᠽᠢᠺ᠂ ᠠᠩᠬ᠎ᠠ ᠳᠤᠮᠳᠠᠳᠤ ᠶᠢᠨ ᠭᠠᠵᠠᠷ ᠵᠦᠶ   ᠦᠳᠡ ᠶᠢᠨ ᠬᠤᠶᠢᠨ᠎ᠠ᠄ ᠪᠠᠭ᠎ᠠ ᠰᠤᠷᠭᠠᠭᠤᠯᠢ ᠶᠢᠨ ᠺᠣᠮᠫᠢᠦ᠋ᠲ᠋ᠧᠷ᠂ ᠠᠵᠢᠯ ᠮᠡᠷᠭᠡᠵᠢᠯ ᠤᠨ ᠰᠤᠷᠭᠠᠭᠤᠯᠢ ᠶᠢᠨ  ᠮᠠᠰᠢᠨ ᠴᠠᠬᠢᠯᠭᠠᠨ᠂ ᠠᠩᠬ᠎ᠠ  ᠳᠤᠮᠳᠠᠳᠤ  ᠶᠢᠨ ᠤᠯᠤᠰ ᠲᠥᠷᠥ᠂ ᠠᠩᠬ᠎ᠠ  ᠳᠤᠮᠳᠠᠳᠤ  ᠶᠢᠨ ᠲᠡᠤᠬᠡ᠂ ᠠᠩᠬ᠎ᠠ  ᠳᠤᠮᠳᠠᠳᠤ  ᠶᠢᠨ ᠠᠩᠭ᠍ᠯᠢ ᠬᠡᠯᠡ᠂ ᠪᠠᠭ᠎ᠠ  ᠰᠤᠷᠭᠠᠭᠤᠯᠢ ᠶᠢᠨ ᠠᠩᠭ᠍ᠯᠢ ᠬᠡᠯᠡ᠂ ᠪᠠᠭ᠎ᠠ ᠰᠤᠷᠭᠠᠭᠤᠯᠢ ᠶᠢᠨ ᠳᠠᠭᠤᠤ ᠬᠥᠭᠵᠢᠮ᠂ ᠪᠠᠭ᠎ᠠ ᠰᠤᠷᠭᠠᠭᠤᠯᠢ ᠶᠢᠨ ᠲᠠᠮᠢᠷ᠂ ᠪᠠᠭ᠎ᠠ ᠰᠤᠷᠭᠠᠭᠤᠯᠢ ᠶᠢᠨ ᠤᠷᠠᠨ ᠵᠢᠷᠤᠭ    ᠡᠯ᠎ᠡ ᠠᠵᠢᠯ ᠤᠨ ᠪᠠᠶᠢᠷᠢ ᠳᠤ ᠣᠷᠣᠵᠤ ᠳᠡᠶᠢᠯᠦᠭᠰᠡᠨ ᠦᠭᠡᠶ ᠡᠯᠰᠡᠬᠦ ᠬᠢᠵᠠᠭᠠᠷ ᠠᠴᠠ ᠤᠶᠢᠷᠠᠯᠴᠠᠭ᠎ᠠ ᠪᠠᠶᠢᠭ᠎ᠠ ᠬᠥᠮᠦᠰ  ᠤᠲᠠᠰᠤ ᠪᠠᠨ ᠨᠡᠪᠲᠡᠷᠡᠬᠦ ᠶᠢ  ᠪᠠᠲᠤᠯᠠᠵᠤ᠂ ᠴᠠᠭ ᠲᠤᠬᠠᠶ ᠳᠤᠨᠢ ᠬᠦᠮᠦᠨ ᠨᠥᠬᠦᠪᠥᠷᠢᠯᠡᠬᠦ ᠳᠤ  ᠪᠡᠯᠡᠳᠬᠡᠯ ᠎ ᠲᠠᠢ ᠬᠡᠷᠡᠭᠲᠡᠶ᠃     ︵ᠭᠤᠷᠪᠠ︶ ᠬᠢᠷᠢ ᠬᠡᠮ ᠢ ᠳᠠᠬᠢᠨ ᠬᠢᠨᠠᠬᠤ ᠭᠠᠵᠠᠷ     ᠶᠤᠸᠠᠨ ᠪᠦᠦ ᠱᠠᠨ ᠲᠣᠭᠤᠷᠢᠭ ᠤᠨ ᠬᠤᠶᠠᠳᠤᠭᠠᠷ ᠳᠤᠮᠳᠠᠳᠤ ᠰᠤᠷᠭᠠᠭᠤᠯᠢ ︵ᠫᠢᠩ ᠵᠤᠸᠠᠩ ᠪᠠᠯᠭᠠᠰᠤᠨ ᠤ  ᠠᠷᠠᠯᠵᠢᠶᠠᠨ ᠬᠤᠳᠠ ᠶᠢᠨ ᠵᠠᠮ ᠤᠨ ᠠᠷᠤ ᠲᠠᠯ᠎ᠠ ᠳᠤ︶     ︵ ᠳᠥᠷᠪᠡ︶ ᠬᠢᠷᠢ ᠬᠡᠮ ᠢ ᠳᠠᠬᠢᠨ ᠬᠢᠨᠠᠬᠤ ᠳᠤ ᠬᠡᠷᠡᠭᠰᠡᠬᠦ ᠮᠠᠲ᠋ᠧᠷᠢᠶᠠᠯ ᠵᠢᠴᠢ ᠱᠠᠭᠠᠷᠳᠠᠯᠭ᠎ᠠ1᠂ ︽ᠨᠡᠷ᠎ᠡ ᠮᠡᠳᠡᠭᠦᠯᠬᠦ ᠳᠠᠩᠰᠠᠯᠠᠯ ᠤᠨ ᠬᠦᠰᠦᠨᠦᠭᠲᠦ︾︔2᠂ ᠰᠠᠭᠤᠭᠠᠯᠢ ᠠᠷᠠᠳ ᠤᠨ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ︵ᠲᠦᠷ ᠴᠠᠭ ᠤᠨ ᠪᠡᠶ᠎ᠡ ᠶᠢᠨ  ᠦᠨᠡᠮᠯᠡᠯ ᠪᠤᠶᠤ ᠫᠠᠰᠫᠣᠷᠲ︶᠂ ᠡᠷᠦᠬᠡ ᠠᠮᠠ ᠶᠢᠨ ᠳᠡᠪᠲᠡᠷ ᠤᠨ ᠣᠭ ᠮᠠᠲ᠋ᠧᠷᠢᠶᠠᠯ ᠪᠠ ᠪᠠᠭᠤᠯᠭᠠᠪᠤᠷᠢ ︵ᠨᠡᠷ᠎ᠡ  ᠮᠡᠳᠡᠭᠦᠯᠬᠦ ᠪᠠ ᠪᠢᠷ ᠤᠨ ᠰᠢᠯᠭᠠᠯᠲᠠ᠂ ᠨᠢᠭᠤᠷᠲᠠᠨ ᠰᠢᠯᠭᠠᠯᠲᠠ ᠳᠤ ᠣᠷᠣᠯᠴᠠᠬᠤ ᠭᠠᠵᠠᠷ ᠤᠨ ᠬᠡᠷᠡᠭᠯᠡᠬᠦ ᠭᠡᠷᠡᠴᠢ ᠲᠡᠮᠳᠡᠭ ᠨᠢ ᠡᠷᠬᠡᠪᠰᠢ ᠨᠢᠭᠡᠳᠦᠯᠲᠡᠶ ᠪᠠᠶᠢᠬᠤ ᠬᠡᠷᠡᠭᠲᠡᠶ︶︔3᠂ ᠲᠡᠭᠦᠰᠬᠦ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠪᠠᠭᠤᠯᠭᠠᠪᠤᠷᠢ᠂ ᠳᠤᠮᠳᠠᠳᠤ ᠤᠯᠤᠰ ᠎ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠭᠴᠢᠳ ᠤᠨ ᠮᠡᠳᠡᠭᠡ ᠵᠠᠩᠭᠢ ᠶᠢᠨ  ᠰᠦᠯᠵᠢᠶ᠎ᠡ ︵http://www. chsi. com. cn︶ ᠎ ᠠᠴᠠ ᠳᠠᠷᠤᠮᠠᠯᠯᠠᠭᠰᠠᠨ ᠬᠦᠴᠦᠨ ᠲᠠᠢ ᠬᠤᠭᠤᠴᠠᠭᠠᠨ ᠳᠠᠬᠢ ᠰᠤᠷᠤᠯᠭ᠎ᠠ ᠶᠢᠨ ᠨᠠᠮᠲᠠᠷ ᠤᠨ ᠭᠡᠷᠡᠴᠢᠯᠡᠯ ︵ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠡᠩᠰᠡᠯᠡᠯᠲᠡ ᠶᠢᠨ ᠬᠦᠰᠦᠨᠦᠭᠲᠦ︶︔4᠂ ᠪᠠᠭᠰᠢ ᠶᠢᠨ ᠬᠢᠷᠢ ᠬᠡᠮ ᠤᠨ ᠦᠨᠡᠮᠯᠡᠯ᠂ ᠨᠡᠶᠢᠲᠡᠯᠢᠭ ᠬᠡᠯᠡᠨ ᠤ ᠦᠨᠡᠮᠯᠡᠯ ︵ᠪᠠᠭᠰᠢ ᠶᠢᠨ ᠬᠢᠷᠢ ᠬᠡᠮ ᠤᠨ ᠦᠨᠡᠮᠯᠡᠯ ᠲᠠᠢ ᠪᠣᠯ ᠬᠠᠩᠭᠠᠬᠤ ᠬᠡᠷᠡᠭ ᠥᠬᠡᠶ︶ ᠣᠭ ᠮᠠᠲ᠋ᠧᠷᠢᠶᠠᠯ ᠵᠢᠴᠢ ᠪᠠᠭᠤᠯᠭᠠᠪᠤᠷᠢ︔5  ᠂ ︽ᠲᠥᠷᠥᠯ ᠵᠦᠢᠯ ᠤᠨ ᠠᠵᠢᠯᠲᠠᠨ︾᠎ ᠤ ᠠᠵᠢᠯ ᠤᠨ ᠪᠠᠶᠢᠷᠢ ᠠᠴᠠ ᠪᠤᠰᠤᠳ ᠠᠵᠢᠯ ᠤᠨ ᠪᠠᠶᠢᠷᠢ ᠳᠤ ᠨᠡᠷ᠎ᠡ  ᠮᠡᠳᠡᠭᠦᠯᠦᠭᠰᠡᠨ ᠪᠣᠯ᠂ ᠬᠡᠷᠪᠡ ᠣᠲᠣ ᠤᠯᠠᠭᠠᠨᠬᠠᠳᠠ ᠬᠤᠲᠠ ᠶᠢᠨ ᠡᠷᠦᠬᠡ ᠠᠮᠠ  ᠪᠢᠰᠢ ᠪᠣᠯ᠂ ᠪᠠᠰᠠ ᠶᠡᠭᠡ ᠳᠡᠭᠡᠳᠦ  ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠢᠷᠡᠯᠲᠡ ᠨᠢ ᠤᠯᠠᠭᠠᠨᠬᠠᠳᠠ ᠬᠤᠲᠠ ᠶᠢᠨ ᠡᠷᠦᠬᠡ ᠠᠮᠠ ᠶᠢᠨ ᠬᠠᠷᠢᠶ᠎ᠠ ᠳᠤ ᠪᠠᠶᠢᠬᠤ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠬᠠᠩᠭᠠᠬᠤ ᠬᠡᠷᠡᠭᠲᠡᠶ᠃6᠂ ︽ ᠳᠡᠭᠡᠳᠦ ᠰᠤᠷᠭᠠᠭᠤᠯᠢ ᠲᠡᠭᠦᠰᠦᠭᠰᠡᠳ︾᠎ ᠤᠨ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠨ ᠰᠢᠯᠭᠠᠭᠤᠯᠵᠤ᠂  ᠠᠵᠢᠯᠯᠠᠬᠤ ᠨᠢᠭᠡᠴᠡ  ᠨᠠᠶᠢᠳᠠᠪᠤᠷᠢᠵᠢᠭᠤᠯᠤᠭᠰᠠᠨ ᠦᠭᠡᠢ  ᠳᠡᠭᠡᠳᠦ ᠰᠤᠷᠭᠠᠭᠤᠯᠢ ᠲᠡᠭᠦᠰᠦᠭᠰᠡᠳ᠂ ᠪᠠᠰᠠ ᠤᠤᠯ ᠤᠨ ᠲᠡᠭᠦᠰᠦᠭᠰᠡᠨ ᠰᠤᠷᠭᠠᠭᠤᠯᠢ ᠪᠤᠶᠤ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ  ᠵᠢᠯᠤᠭᠤᠳᠬᠤ ᠦᠢᠯᠡᠴᠢᠯᠡᠭᠡᠨ ᠤ ᠲᠥᠪ᠂ ᠴᠢᠳᠠᠪᠤᠷᠢᠲᠠᠨ ᠰᠣᠯᠢᠯᠴᠠᠬᠤ  ᠦᠢᠯᠡᠴᠢᠯᠡᠭᠡᠨ ᠤ ᠪᠠᠶᠢᠭᠤᠯᠤᠮᠵᠢ᠂ ᠣᠯᠠᠨ ᠨᠡᠶᠢᠲᠡ ᠶᠢᠨ ᠠᠵᠢᠯ ᠣᠯᠭᠤᠬᠤ  ᠦᠢᠯᠡᠴᠢᠯᠡᠭᠡᠨ ᠤ ᠪᠠᠶᠢᠭᠤᠯᠤᠮᠵᠢ ᠎ ᠠᠴᠠ ᠬᠢᠵᠦ ᠥᠭᠭᠦᠭᠰᠡᠨ ᠬᠠᠳᠠᠭᠠᠯᠠᠵᠤ ᠪᠠᠶᠢᠭ᠎ᠠ ᠳᠠᠩᠰᠠ ᠡᠪᠬᠡᠮᠡᠯ ᠤᠨ ᠭᠡᠷᠡᠴᠢ ᠶᠢ ᠬᠠᠩᠭᠠᠬᠤ ᠬᠡᠷᠡᠭᠲᠡᠶ᠃7᠂ ︽ᠲᠥᠷᠥᠯ  ᠵᠦᠢᠯ ᠤᠨ ᠠᠵᠢᠯᠲᠠᠨ ᠤ ᠠᠵᠢᠯ ᠤᠨ ᠪᠠᠶᠢᠷᠢ︾᠎ ᠪᠠᠷ ᠨᠡᠷ᠎ᠡ ᠮᠡᠳᠡᠭᠦᠯᠦᠭᠰᠡᠨ ᠪᠠᠶᠢᠪᠠᠯ᠂ ᠦᠨᠳᠦᠰᠦᠨ ᠱᠠᠲᠤᠨ ᠤ ᠲᠥᠷᠥᠯ  ᠵᠦᠢᠯ ᠤᠨ ᠦᠢᠯᠡᠴᠢᠯᠡᠭᠡᠨ ᠤ  ᠦᠨᠡᠮᠯᠡᠯ ᠤᠨ ᠣᠭ ᠮᠠᠲ᠋ᠧᠷᠢᠶᠠᠯ ᠪᠠ ᠪᠠᠭᠤᠯᠭᠠᠪᠤᠷᠢ ᠵᠢᠴᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠭᠤᠤᠯᠴᠢᠯᠠᠨ  ᠬᠠᠮᠢᠶᠠᠷᠬᠤ ᠰᠠᠯᠠᠭ᠎ᠠ ᠮᠥᠴᠢᠷ ᠤᠨ ᠬᠢᠵᠦ ᠥᠭᠭᠦᠭᠰᠡᠨ  ᠦᠢᠯᠡᠴᠢᠯᠡᠭᠡᠨ ᠤ ᠬᠤᠭᠤᠴᠠᠭ᠎ᠠ ᠨᠢ ᠳᠦᠭᠦᠷᠦᠭᠰᠡᠨ ︵ᠡᠰᠡᠬᠦᠯ᠎ᠡ  ᠦᠢᠯᠡᠴᠢᠯᠡᠭᠡ ᠡᠬᠢᠯᠡᠵᠦ ᠳᠠᠭᠤᠰᠬᠤ ᠡᠳᠦᠷ ᠬᠤᠭᠤᠴᠠᠭ᠎ᠠ︶᠂ ᠰᠢᠯᠭᠠᠨ ᠬᠢᠨᠠᠬᠤ ᠳᠤ ᠬᠢᠷᠢ ᠲᠡᠩᠴᠡᠭᠰᠡᠨ ︵ᠪᠤᠶᠤ  ᠰᠢᠯᠭᠠᠨ ᠬᠢᠨᠠᠬᠤ ᠠᠩᠬ᠎ᠠ ᠠᠯᠬᠤᠮ ᠤᠨ ᠰᠠᠨᠠᠯ︶᠎ ᠤᠨ ᠭᠡᠷᠡᠴᠢ ᠬᠠᠩᠭᠠᠬᠤ ᠬᠡᠷᠡᠭᠲᠡᠶ︔ ᠦᠨᠳᠦᠰᠦᠨ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠦᠢᠯᠡᠴᠢᠯᠡᠭᠡᠨ ᠤ  ᠠᠵᠢᠯᠲᠠᠨ᠂ ᠡᠷᠬᠡᠪᠰᠢ ᠥᠪᠡᠷᠲᠡᠭᠡᠨ ᠵᠠᠰᠠᠬᠤ ᠣᠷᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠵᠦ ᠥᠭᠭᠦᠭᠰᠡᠨ  ᠦᠢᠯᠡᠴᠢᠯᠡᠭᠡᠨ ᠤ ᠬᠤᠭᠤᠴᠠᠭ᠎ᠠ ᠨᠢ ᠳᠦᠭᠦᠷᠦᠭᠰᠡᠨ᠂ ᠬᠢᠨᠠᠨ ᠰᠢᠯᠭᠠᠭᠠᠳ ᠬᠢᠷᠢ ᠲᠡᠩᠴᠡᠭᠰᠡᠨ ᠦᠨᠡᠮᠯᠡᠯ ︵ᠭᠡᠷᠡᠴᠢ︶᠎ ᠤᠨ ᠣᠭ ᠪᠢᠴᠢᠭ ᠵᠢᠴᠢ ᠪᠠᠭᠤᠯᠭᠠᠪᠤᠷᠢ ᠶᠢ ᠬᠠᠩᠭᠠᠵᠤ᠂ ᠣᠶᠤᠲᠠᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ  ᠡᠷᠬᠡᠪᠰᠢ ᠪᠠᠶᠢᠯᠳᠤᠭᠴᠢ ᠶᠢᠨ ᠴᠡᠷᠢᠭ ᠠᠴᠠ ᠬᠠᠯᠠᠭᠳᠠᠭᠰᠠᠨ ᠦᠨᠡᠮᠯᠡᠯ ᠤᠨ ᠣᠭ ᠪᠢᠴᠢᠭ ᠪᠠ ᠪᠠᠭᠤᠯᠭᠠᠪᠤᠷᠢ ᠶᠢ  ᠬᠠᠩᠭᠠᠬᠤ ᠬᠡᠷᠡᠭᠲᠡᠶ︔ ᠵᠢᠴᠢ ᠠᠵᠢᠯ ᠤᠨ ᠪᠠᠶᠢᠷᠢ ᠳᠤ ᠮᠡᠳᠡᠭᠦᠯᠦᠨ ᠰᠢᠯᠭᠠᠭᠤᠯᠬᠤ ᠱᠠᠭᠠᠷᠳᠠᠯᠭ᠎ᠠ ᠶᠢᠨ ᠪᠤᠰᠤᠳ ᠬᠤᠯᠪᠣᠭᠳᠠᠯ ᠪᠥᠬᠦᠶ ᠭᠡᠷᠡᠴᠢ ᠶᠢᠨ ᠣᠭ ᠪᠢᠴᠢᠭ ᠪᠠ ᠪᠠᠭᠤᠯᠭᠠᠪᠤᠷᠢ  ᠶᠢ ᠬᠠᠩᠭᠠᠬᠤ ᠬᠡᠷᠡᠭᠲᠡᠢ᠃8᠂ ᠣᠶᠢᠷ᠎ᠠ ᠶᠢᠨ ᠬᠤᠭᠤᠴᠠᠭᠠᠨ ᠤ 2 ᠢᠮᠠᠬᠤ ᠶᠢᠨ ᠮᠠᠯᠠᠭᠠᠶ ᠥᠬᠡᠶ 2 ᠬᠤᠪᠢ ᠰᠡᠭᠦᠳᠡᠷ᠂ ᠲᠡᠷᠡᠴᠢᠯᠡᠨ ᠨᠢᠭᠤᠷᠲᠠᠨ ᠰᠢᠯᠭᠠᠬᠤ ᠰᠢᠯᠭᠠᠯᠲᠠ ᠶᠢᠨ ᠶᠠᠪᠤᠳᠠᠯ ᠤᠨ ᠵᠠᠷᠤᠳᠠᠯ 50 ᠲᠥᠭᠦᠷᠢᠭ  ᠢᠶᠠᠨ ᠲᠤᠰᠢᠶᠠᠭᠰᠠᠨ ᠤ ᠳᠠᠷᠠᠭ᠎ᠠ ᠲᠡᠷᠡ ᠳᠣᠤᠷ᠎ᠠ ᠨᠢ ︽ᠨᠢᠭᠤᠷᠲᠠᠨ ᠰᠢᠯᠭᠠᠬᠤ ᠮᠡᠳᠡᠭᠳᠡᠯ ᠤᠨ ᠬᠠᠭᠤᠳᠠᠰᠤ︾᠎ ᠶᠢ  ᠤᠯᠭᠤᠨ᠎ᠠ    ᠬᠤᠶᠠᠷ᠂ ᠨᠢᠭᠤᠷᠳᠠᠨ ᠰᠠᠯᠭᠠᠬᠤ   ︵ᠨᠢᠭᠡ︶ ᠨᠢᠭᠤᠷᠲᠠᠨ ᠰᠢᠯᠭᠠᠬᠤ ᠴᠠᠭ ᠪᠠ ᠭᠠᠵᠠᠷ   ᠨᠢᠭᠤᠷᠲᠠᠨ ᠰᠢᠯᠭᠠᠬᠤ ᠴᠠᠭ᠄ 2020 ᠣᠨ ᠤ 8 ᠰᠠᠷ᠎ᠠ ᠶᠢᠨ 17᠎ ᠤ ᠡᠳᠦᠷ ︵ᠪᠣᠳᠠᠲᠠᠶ ᠴᠠᠭ ᠬᠤᠭᠤᠴᠠᠭ᠎ᠠ ᠶᠢ ︽ᠨᠢᠭᠤᠷᠲᠠᠨ ᠰᠢᠯᠭᠠᠬᠤ ᠮᠡᠳᠡᠭᠳᠡᠯ ᠤᠨ ᠬᠠᠭᠤᠳᠠᠰᠤ︾᠎ ᠳᠤ ᠦᠵᠡ︶᠃   ᠥᠷᠯᠥᠭᠡ ᠶᠢᠨ 7 ᠴᠠᠭ᠄ ᠪᠠᠭ᠎ᠠ ᠰᠤᠷᠭᠠᠭᠤᠯᠢ ᠶᠢᠨ ᠬᠡᠯᠡ ᠪᠢᠴᠢᠭ᠂ ᠪᠠᠭ᠎ᠠ ᠰᠤᠷᠭᠠᠭᠤᠯᠢ ᠶᠢᠨ ᠲᠣᠭᠠᠨ ᠤ ᠤᠬᠠᠭᠠᠨ᠂ ᠠᠩᠬ᠎ᠠ ᠳᠤᠮᠳᠠᠳᠤ ᠶᠢᠨ ᠹᠢᠽᠢᠺ᠂ ᠪᠠᠭ᠎ᠠ ᠰᠤᠷᠭᠠᠭᠤᠯᠢ ᠶᠢᠨ ᠺᠣᠮᠫᠢᠦ᠋ᠲ᠋ᠧᠷ᠂ ᠠᠩᠬ᠎ᠠ ᠳᠤᠮᠳᠠᠳᠤ ᠶᠢᠨ  ᠲᠡᠤᠬᠡ᠂ ᠪᠠᠭ᠎ᠠ ᠰᠤᠷᠭᠠᠭᠤᠯᠢ ᠶᠢᠨ ᠠᠩᠭ᠍ᠯᠢ ᠬᠡᠯᠡ᠂ ᠠᠩᠬ᠎ᠠ ᠳᠤᠮᠳᠠᠳᠤ  ᠶᠢᠨ ᠭᠠᠵᠠᠷ ᠵᠦᠶ᠂ ᠪᠠᠭ᠎ᠠ ᠰᠤᠷᠭᠠᠭᠤᠯᠢ ᠶᠢᠨ ᠳᠠᠭᠤᠤ ᠬᠥᠭᠵᠢᠮ᠂ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ   ᠦᠳᠡ ᠶᠢᠨ 12 ᠴᠠᠭ᠄ ᠠᠩᠬ᠎ᠠ  ᠳᠤᠮᠳᠠᠳᠤ  ᠶᠢᠨ ᠲᠣᠭᠠᠨ ᠤ ᠤᠬᠠᠭᠠᠨ᠂ ᠠᠩᠬ᠎ᠠ  ᠳᠤᠮᠳᠠᠳᠤ  ᠶᠢᠨ ᠬᠢᠮᠢ᠂ ᠠᠩᠬ᠎ᠠ  ᠳᠤᠮᠳᠠᠳᠤ  ᠶᠢᠨ ᠤᠯᠤᠰ ᠲᠦᠷᠦ᠂ ᠠᠩᠬ᠎ᠠ ᠳᠤᠮᠳᠠᠳᠤ  ᠶᠢᠨ ᠠᠩᠭ᠍ᠯᠢ ᠬᠡᠯᠡ  ᠦᠳᠡ ᠶᠢᠨ 12 ᠴᠠᠭ 30 ᠮᠢᠨᠦ᠋ᠲ᠄ ᠠᠩᠬ᠎ᠠ ᠳᠤᠮᠳᠠᠳᠤ ᠶᠢᠨ ᠬᠡᠯᠡ ᠪᠢᠴᠢᠭ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠮᠠᠰᠢᠨ ᠴᠠᠬᠢᠯᠭᠠᠨ᠂ ᠠᠩᠬ᠎ᠠ ᠳᠤᠮᠳᠠᠳᠤ ᠶᠢᠨ ᠠᠮᠢᠳᠤ ᠪᠣᠳᠠᠰ᠂ ᠪᠠᠭ᠎ᠠ ᠰᠤᠷᠭᠠᠭᠤᠯᠢ ᠶᠢᠨ ᠤᠷᠠᠨ ᠵᠢᠷᠤᠭ   ᠨᠢᠭᠤᠷᠲᠠᠨ ᠰᠢᠯᠭᠠᠬᠤ ᠭᠠᠵᠠᠷ᠄ ᠶᠤᠸᠠᠨ ᠪᠦᠦ ᠱᠠᠨ ᠲᠣᠭᠤᠷᠢᠭ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ  ᠵᠢᠭᠠᠨ ᠰᠤᠷᠭᠠᠬᠤ ᠠᠰᠠᠷ    ︵ᠬᠤᠶᠠᠷ︶ ᠨᠢᠭᠤᠷᠲᠠᠨ ᠰᠢᠯᠭᠠᠬᠤ ᠬᠡᠯᠪᠡᠷᠢ ᠵᠢᠴᠢ ᠠᠭᠤᠯᠭ᠎ᠠ1  ᠂ ᠬᠢᠴᠢᠶᠡᠯ ᠵᠢᠭᠠᠬᠤ ᠬᠡᠯᠪᠡᠷᠢ᠄ ᠲᠤᠬᠠᠶ ᠶᠢᠨ ᠲᠠᠯᠠᠪᠠᠶ ᠳᠤ ᠬᠢᠴᠢᠶᠡᠯ ᠰᠤᠭᠤᠯᠬᠤ᠂ ᠬᠢᠴᠢᠶᠡᠯ ᠪᠡᠯᠡᠳᠬᠡᠬᠦ᠂  ᠬᠢᠴᠢᠶᠡᠯ ᠵᠢᠭᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠬᠢᠴᠢᠶᠡᠯ ᠪᠡᠯᠡᠳᠬᠡᠬᠦ ᠴᠠᠭ ᠨᠢ 40 ᠮᠢᠨᠦ᠋ᠲ᠂ ᠴᠠᠭ ᠎ ᠤᠨ ᠵᠦᠷᠢᠶᠡᠨ ᠲᠠᠢ ᠬᠢᠴᠢᠶᠡᠯ ᠪᠡᠯᠡᠳᠬᠡᠨ᠎ᠡ᠃ ᠠᠳᠠᠯᠢ ᠨᠢᠭᠡᠨ ᠰᠤᠷᠤᠯᠭ᠎ᠠ ᠶᠢᠨ ᠱᠠᠲᠤ᠂ ᠠᠳᠠᠯᠢ ᠨᠢᠭᠡᠨ  ᠬᠢᠴᠢᠶᠡᠯ ᠲᠦᠷᠦᠯ ᠨᠢ ᠠᠳᠠᠯᠢ ᠨᠢᠭᠡᠨ  ᠠᠭᠤᠯᠭ᠎ᠠ ᠶᠢ ᠵᠢᠭᠠᠨ᠎ᠠ᠃2  ᠂ ᠬᠢᠴᠢᠶᠡᠯ ᠶᠠᠷᠢᠬᠤ ᠳᠡᠰ ᠳᠠᠷᠠᠭ᠎ᠠ᠄ ᠰᠢᠪᠠᠭ᠎ᠠ ᠰᠤᠭᠤᠯᠵᠤ ᠲᠣᠭᠲᠠᠭᠠᠨ᠎ᠠ᠃3  ᠂ ᠬᠢᠴᠢᠶᠡᠯ ᠵᠢᠭᠠᠬᠤ ᠬᠡᠪᠴᠢᠶ᠎ᠡ᠂  ᠠᠭᠤᠯᠭ᠎ᠠ᠄ ᠪᠠᠭ᠎ᠠ ᠰᠤᠷᠭᠠᠭᠤᠯᠢ  ᠠᠩᠬ᠎ᠠ ᠳᠤᠮᠳᠠᠳᠤ  ᠶᠢᠨ ᠠᠵᠢᠯ ᠤᠨ  ᠪᠠᠶᠢᠷᠢ ᠳᠤ ᠨᠡᠷ᠎ᠡ ᠮᠡᠳᠡᠭᠦᠯᠬᠦ ᠬᠥᠮᠦᠰ ᠤᠨ ᠲᠤᠷᠰᠢᠨ ᠶᠠᠷᠢᠬᠤ ᠠᠭᠤᠯᠠᠨ᠎ᠠ  ᠶᠢ ᠣᠲᠣ ᠶᠢᠨ ᠶᠤᠸᠠᠨ ᠪᠦᠦ ᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠣᠬᠢᠴᠠᠩᠭᠤᠶ ᠲᠠᠰ ᠳᠠᠪᠬᠤᠷᠭ᠎ᠠ ᠲᠤ ᠬᠡᠷᠡᠭᠯᠡᠬᠦ ᠵᠢᠭᠠᠬᠤ ᠮᠠᠲ᠋ᠧᠷᠢᠶᠠᠯ ᠢᠶᠠᠷ ᠬᠦᠷᠢᠶ᠎ᠡ ᠪᠣᠯᠭᠠᠵᠤ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠮᠠᠰᠢᠨ ᠴᠠᠬᠢᠯᠭᠠᠨ ᠤ ᠠᠵᠢᠯ ᠤᠨ ᠪᠠᠶᠢᠷᠢ ᠳᠤ ᠨᠡᠷ᠎ᠡ ᠮᠡᠳᠡᠭᠦᠯᠬᠦ ᠳᠤ ᠣᠲᠣ ᠶᠢᠨ ᠶᠤᠸᠠᠨ ᠪᠦᠦ ᠱᠠᠨ ᠲᠣᠭᠤᠷᠢᠭ ᠤᠨ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠣᠰ ᠲᠤᠰᠬᠠᠶ ᠮᠡᠷᠭᠡᠵᠢᠯ ᠳᠤ  ᠬᠡᠷᠡᠭᠯᠡᠬᠦ ᠵᠢᠭᠠᠬᠤ ᠮᠠᠲ᠋ᠧᠷᠢᠶᠠᠯ ᠢᠶᠠᠷ ᠬᠦᠷᠢᠶ᠎ᠡ ᠪᠣᠯᠭᠠᠨ᠎ᠠ᠃ ᠰᠢᠯᠭᠠᠯᠲᠠ ᠶᠢᠨ ᠰᠡᠳᠦᠪ ᠢ ᠭᠠᠳᠠᠷ ᠣᠷᠣᠨ ᠤ ᠲᠤᠰᠬᠠᠶ ᠮᠡᠷᠭᠡᠵᠢᠯ ᠤᠨ ᠪᠠᠭᠰᠢ ᠠᠴᠠ ᠲᠣᠭᠲᠠᠭᠠᠵᠤ᠂ ᠰᠢᠯᠭᠠᠭᠤᠯᠤᠭᠴᠢ ᠶᠢᠨ ᠲᠥᠯᠥᠭᠡᠯᠡᠭᠴᠢ ᠮᠠᠭᠠᠳᠯᠠᠭᠰᠠᠨ ᠰᠡᠳᠦᠪ ᠠᠴᠠ ᠪᠠᠨ ᠰᠣᠩᠭᠤᠨ ᠠᠪᠴᠤ᠂ ᠲᠣᠰ ᠬᠢᠴᠢᠶᠡᠯ ᠲᠥᠷᠥᠯ ᠳᠣᠲᠣᠷᠠᠬᠢ ᠪᠣᠶ ᠪᠥᠬᠦᠶ ᠰᠢᠯᠭᠠᠭᠤᠯᠤᠭᠴᠢ ᠶᠢᠨ ᠲᠤᠷᠰᠢᠨ ᠶᠠᠷᠢᠬᠤ ᠰᠡᠳᠦᠪ ᠢᠶᠠᠷ ᠲᠣᠭᠲᠠᠭᠠᠨ᠎ᠠ᠃     ︵ᠭᠤᠷᠪᠠ︶ ᠨᠢᠭᠤᠷᠲᠠᠨ ᠰᠢᠯᠭᠠᠬᠤ ᠬᠠᠮᠢᠶ᠎ᠠ ᠪᠥᠬᠦᠶ ᠱᠠᠭᠠᠷᠳᠠᠯᠭ᠎ᠠ1. ᠲᠤᠷᠰᠢᠨ ᠶᠠᠷᠢᠬᠤ ᠴᠠᠭ ᠢ 8 ᠮᠢᠨᠦ᠋ᠲ ᠤᠨ ᠳᠣᠲᠣᠷ᠎ᠠ ᠬᠢᠵᠠᠭᠠᠷᠯᠠᠵᠤ᠂ ᠲᠤᠷᠰᠢᠨ ᠶᠠᠷᠢᠬᠤ ᠲᠠᠰ ᠳᠠᠷᠠᠭᠠᠯᠠᠯ  ᠢ ᠰᠢᠪᠠᠭ᠎ᠠ ᠰᠤᠭᠤᠯᠵᠤ ᠲᠣᠭᠲᠠᠭᠠᠨ᠎ᠠ᠃ ᠲᠤᠷᠰᠢᠨ ᠶᠠᠷᠢᠬᠤ ᠦᠶᠡᠰ ᠣᠯᠠᠨ ᠵᠠᠭᠤᠴᠢᠲᠤ ᠬᠢᠴᠢᠶᠡᠯ ᠢ ᠬᠡᠷᠡᠭᠯᠡᠵᠦ ᠪᠣᠯᠬᠤ ᠦᠭᠡᠢ᠂ ᠵᠥᠪᠬᠡᠨ ᠤᠯᠠᠮᠵᠢᠯᠠᠯᠲᠤ ᠪᠢᠴᠢᠯᠭᠡ ᠶᠢᠨ ᠵᠠᠭᠤᠴᠢ ᠬᠠᠩᠭᠠᠵᠤ᠂  ᠰᠠᠮᠪᠠᠷᠠᠯᠠᠨ ᠪᠢᠴᠢᠬᠦ ᠶᠢ ᠱᠠᠭᠠᠷᠳᠠᠵᠤ᠂ ᠪᠣᠶ  ᠪᠦᠬᠦᠢ  ᠬᠢᠴᠢᠶᠡᠯ ᠲᠦᠷᠦᠯ ᠪᠦᠷ ᠥᠷᠥᠭᠡᠨ ᠳᠣᠲᠣᠷᠠᠬᠢ ᠬᠢᠴᠢᠶᠡᠯ ᠣᠷᠣᠨ᠎ᠠ︔ ᠬᠢᠲᠠᠳ ᠢᠶᠠᠷ ᠬᠢᠴᠢᠶᠡᠯᠯᠡᠬᠦ ᠠᠵᠢᠯ ᠤᠨ ᠪᠠᠶᠢᠷᠢ ᠪᠠ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ ᠠᠵᠢᠯ ᠤᠨ  ᠪᠠᠶᠢᠷᠢ ᠳᠤ ᠨᠡᠷ᠎ᠡ  ᠮᠡᠳᠡᠭᠦᠯᠦᠭᠰᠡᠳ ᠬᠢᠲᠠᠳ ᠬᠡᠯᠡᠨ ᠢᠶᠠᠷ ᠬᠢᠴᠢᠶᠡᠯ ᠵᠢᠭᠠᠬᠤ ᠶᠢ ᠱᠠᠭᠠᠷᠳᠠᠵᠤ᠂ ᠠᠩᠭ᠍ᠯᠢ ᠬᠡᠯᠡᠨ ᠤ  ᠬᠢᠴᠢᠶᠡᠯ ᠲᠦᠷᠦᠯ ᠎ ᠨᠢ ᠠᠩᠭ᠍ᠯᠢ ᠬᠡᠯᠡᠨ ᠎ ᠪᠠᠷ ᠬᠢᠴᠢᠶᠡᠯ ᠵᠢᠭᠠᠬᠤ ᠶᠢ ᠱᠠᠭᠠᠷᠳᠠᠨ᠎ᠠ᠃2 . ᠵᠥᠪᠬᠡᠨ ᠳᠠᠭᠤᠤ ᠬᠥᠭᠵᠢᠮ ᠤᠨ ᠰᠢᠨᠵᠢᠯᠡᠭᠡᠨ ᠤ ᠲᠤᠷᠰᠢᠨ ᠬᠢᠴᠢᠶᠡᠯᠯᠡᠬᠦ ᠲᠠᠰᠤᠭ ᠲᠤ ᠬᠥᠭᠵᠢᠮ ᠬᠠᠪᠰᠤᠷᠭᠠᠬᠤ ᠬᠥᠭᠵᠢᠮ ᠨᠡᠪᠲᠡᠷᠡᠭᠦᠯᠬᠦ ᠲᠥᠬᠦᠭᠡᠷᠦᠮᠵᠢ ᠪᠠ ᠨᠢᠭᠡ ᠡᠯᠧᠺᠲᠷᠣᠨ ᠲᠡᠭᠦᠯᠳᠡᠷ ᠬᠤᠭᠤᠷ ᠬᠠᠩᠭᠠᠨ᠎ᠠ᠃ ᠪᠤᠰᠤᠳ ᠬᠦᠭᠵᠢᠮᠳᠡᠬᠦᠷ᠂ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠵᠢᠴᠢ ᠪᠤᠰᠤᠳ ᠬᠢᠴᠢᠶᠡᠯ ᠤᠨ ᠪᠠᠭᠠᠵᠢ  ᠬᠡᠷᠡᠭᠰᠡᠯ ᠢᠶᠠᠨ ᠰᠢᠯᠭᠠᠭᠤᠯᠤᠭᠴᠢᠳ ᠪᠠᠶᠢᠳᠠᠯ ᠢ ᠦᠵᠡᠵᠦ ᠪᠠᠶᠢᠭᠠᠳ ᠥᠪᠡᠷ ᠢᠶᠠᠨ ᠪᠡᠯᠡᠳᠬᠡᠨ᠎ᠡ᠃3. ᠰᠢᠯᠭᠠᠭᠤᠯᠤᠭᠴᠢ ᠡᠷᠬᠡᠪᠰᠢ ᠲᠣᠭᠲᠠᠭᠰᠠᠨ ᠴᠠᠭ᠂ ᠭᠠᠵᠠᠷ ᠲᠤ ︽ᠨᠢᠭᠤᠷᠲᠠᠨ ᠰᠢᠯᠭᠠᠬᠤ ᠮᠡᠳᠡᠭᠳᠡᠯ ᠤᠨ  ᠬᠠᠭᠤᠳᠠᠰᠤ︾ ᠪᠠ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠢᠶᠠᠨ ᠠᠪᠴᠤ ᠨᠡᠷ᠎ᠡ  ᠮᠡᠳᠡᠭᠦᠯᠵᠦ᠂ ᠨᠢᠭᠡᠳᠦᠯᠲᠡᠶ ᠪᠢᠲᠡᠭᠦᠮᠵᠢᠯᠡᠨ ᠬᠠᠮᠢᠶᠠᠷᠬᠤ ᠶᠢ ᠬᠦᠯᠢᠶᠡᠬᠦ ᠬᠡᠷᠡᠭᠲᠡᠶ ︵ᠴᠢᠮᠡᠭᠡ ᠨᠡᠪᠲᠡᠷᠡᠯᠭᠡ ᠶᠢᠨ ᠪᠠᠭᠠᠵᠢ ᠬᠡᠷᠡᠭᠰᠡᠯ ᠢ ᠬᠤᠷᠢᠶᠠᠨ  ᠠᠪᠤᠨ᠎ᠠ︶᠃ ᠲᠣᠭᠲᠠᠭᠠᠯ ᠶᠣᠰᠣᠭᠠᠷ ᠨᠡᠷ᠎ᠡ ᠮᠡᠳᠡᠭᠦᠯᠦᠭᠰᠡᠨ ᠥᠬᠡᠶ ᠪᠤᠶᠤ ᠪᠤᠰᠤᠳ ᠲᠣᠭᠲᠠᠭᠠᠯ ᠠᠴᠠ ᠵᠥᠷᠢᠴᠡᠭᠰᠡᠨ ᠪᠠᠶᠢᠳᠠᠯ  ᠎ ᠲᠠᠢ ᠪᠠᠶᠢᠪᠠᠯ᠂ ᠨᠢᠭᠤᠷᠲᠠᠨ ᠰᠢᠯᠭᠠᠬᠤ ᠬᠢᠷᠢ ᠬᠡᠮ ᠢ ᠨᠢ ᠬᠠᠰᠤᠨ᠎ᠠ᠃4. ᠪᠦᠬᠦ᠋ᠢᠯᠡ ᠶᠠᠪᠤᠴᠠ ᠳᠤ ᠰᠢᠪᠠᠭ᠎ᠠ ᠰᠤᠭᠤᠯᠬᠤ ᠳᠡᠰ ᠳᠠᠷᠠᠭ᠎ᠠ ᠨᠢ ᠴᠣᠷ  ᠤᠨ ᠭᠠᠭᠴᠠ ᠲᠡᠮᠳᠡᠭ ᠪᠣᠯᠤᠨ᠎ᠠ᠃ ᠪᠡᠯᠡᠳᠬᠡᠯ ᠲᠠᠰᠤᠭ ᠤᠨ ᠠᠵᠢᠯᠲᠠᠨ ᠠᠴᠠ ᠭᠠᠳᠠᠨ᠎ᠠ᠂ ᠨᠢᠭᠤᠷᠲᠠᠨ ᠰᠢᠯᠭᠠᠬᠤ ᠪᠥᠬᠦ ᠶᠠᠪᠤᠴᠠ ᠳᠤ ᠬᠤᠪᠢ ᠬᠥᠮᠦᠨ ᠤ ᠮᠡᠳᠡᠭᠡ ᠵᠠᠩᠭᠢ ᠪᠠᠨ ᠪᠤᠰᠤᠳ ᠲᠤ ᠵᠠᠳᠠᠷᠠᠭᠤᠯᠵᠤ ᠪᠣᠯᠬᠤ ᠥᠬᠡᠶ᠂ ᠡᠰᠡ ᠲᠡᠭᠡᠪᠡᠯ ᠨᠢᠭᠤᠷᠲᠠᠨ ᠰᠢᠯᠭᠠᠬᠤ ᠬᠢᠷᠢ ᠬᠡᠮ ᠢ ᠬᠠᠰᠤᠨ᠎ᠠ᠃5. ᠨᠢᠭᠤᠷᠲᠠᠨ ᠰᠢᠯᠭᠠᠬᠤ ᠬᠠᠮᠤᠭ ᠳᠣᠣᠷ᠎ᠠ ᠬᠢᠷᠢ ᠲᠡᠩᠴᠡᠭᠰᠡᠨ ᠬᠤᠪᠢ ᠶᠢᠨ ᠱᠤᠭᠤᠮ ᠨᠢ 60 ︵60 ᠬᠤᠪᠢ ᠪᠠᠭᠲᠠᠨ᠎ᠠ︶ ᠪᠣᠯᠤᠨ᠎ᠠ᠃ 60 ᠬᠤᠪᠢ ᠠᠴᠠ ᠳᠣᠷᠣᠭᠰᠢ ᠰᠢᠯᠭᠠᠭᠤᠯᠤᠭᠰᠠᠳ ᠪᠡᠶ᠎ᠡ ᠶᠢᠨ ᠪᠠᠶᠢᠴᠠᠭᠠᠯᠲᠠ ᠪᠠ ᠬᠢᠨᠠᠨ ᠬᠠᠷᠭᠤᠭᠤᠯᠬᠤ ᠭᠤᠭᠴᠤᠭ᠎ᠠ ᠲᠤ ᠣᠷᠣᠬᠤ ᠥᠬᠡᠶ᠃6. ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂  ᠰᠢᠯᠭᠠᠭᠤᠯᠤᠭᠴᠢᠳ ᠬᠢᠷᠢ ᠬᠡᠮ ᠢ ᠳᠠᠬᠢᠨ ᠬᠢᠨᠠᠬᠤ ᠭᠠᠵᠠᠷ ᠪᠠ ᠨᠢᠭᠤᠷᠲᠠᠨ ᠰᠢᠯᠭᠠᠬᠤ ᠴᠡᠭ ᠲᠤ ᠣᠷᠣᠬᠤ ᠳᠠᠭᠠᠨ᠂  ᠡᠷᠬᠡᠪᠰᠢ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠬᠡᠷᠡᠭᠯᠡᠭᠴᠢ ᠶᠢᠨ  ᠦᠵᠦᠭᠦᠷᠯᠢᠭ ᠤᠨ ︽ᠮᠣᠩᠭᠤᠯ ᠲᠦᠷᠭᠡᠨ  ᠭᠦᠢᠴᠡᠳᠬᠡᠬᠦ︾ APP᠂ ︽ᠮᠣᠩᠭᠤᠯ ᠡᠷᠡᠭᠦᠯ ᠮᠡᠨᠳᠦ︾ APP ᠪᠠ ᠤᠯᠠᠭᠠᠨᠬᠠᠳᠠ ᠬᠤᠲᠠ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠣᠯᠠᠨ ᠨᠡᠶᠢᠲᠡ ᠶᠢᠨ ᠳ᠋ᠤᠭᠠᠷ᠂ ᠡᠷᠡᠭᠦᠯ ᠮᠡᠨᠳᠦ ᠶᠢᠨ  ᠦᠢᠯᠡᠴᠢᠯᠡᠭᠡᠨ ᠤ APP᠎ ᠪᠠᠷ ᠳᠠᠮᠵᠢᠭᠤᠯᠤᠨ ︽ᠡᠷᠡᠭᠦᠯ ᠮᠡᠨᠳᠦ ᠶᠢᠨ ᠺᠣᠳ᠋︾ ᠭᠤᠶᠤᠴᠢᠯᠠᠨ ᠠᠪᠬᠤ ᠬᠡᠷᠡᠭᠲᠡᠶ᠂ ᠡᠭᠦᠨ ᠤ ᠬᠠᠮᠲᠤ ᠬᠢᠷᠢ ᠬᠡᠮ ᠢ ᠳᠠᠬᠢᠨ ᠬᠢᠨᠠᠬᠤ ᠪᠠ ᠨᠢᠭᠤᠷᠲᠠᠨ ᠰᠢᠯᠭᠠᠬᠤ ᠲᠤᠬᠠᠶ ᠶᠢᠨ ᠡᠳᠦᠷ ᠱᠠᠭᠠᠷᠳᠠᠯᠭ᠎ᠠ  ᠶᠤᠰᠤᠭᠠᠷ ᠭᠠᠷᠭᠠᠨ ᠦᠵᠡᠭᠦᠯᠬᠦ ᠶᠢᠨ ᠬᠠᠮᠲᠤ ︽ᠴᠢᠮᠡᠭᠡ ᠬᠤᠯᠪᠣᠭᠠᠨ ᠤ ᠲᠣᠮᠣ ᠳ᠋ᠠᠶᠢᠲ᠋ᠠ ᠶᠢᠨ ᠠᠶᠠᠯᠠᠯ ᠤᠨ ᠺᠠᠷᠲ ᠤᠨ ᠬᠤᠶᠠᠷ ᠬᠡᠮᠵᠢᠯᠳᠦ ᠺᠣᠳ᠋︾᠎ ᠢ  ᠰᠢᠷᠪᠢᠨ᠎ᠡ᠃ ︽ᠡᠷᠡᠭᠦᠯ ᠮᠡᠨᠳᠦ ᠶᠢᠨ ᠺᠣᠳ᠋︾᠎ ᠨᠢ ᠨᠣᠭᠤᠭᠠᠨ ᠺᠣᠳ᠋ ᠪᠦᠭᠡᠳ ᠲᠤᠬᠠᠶ ᠶᠢᠨ ᠲᠠᠯᠠᠪᠤᠷ ᠲᠤ ᠪᠡᠶ᠎ᠡ ᠶᠢᠨ ᠳᠤᠯᠠᠭᠠᠨ ᠢ ᠬᠡᠮᠵᠢᠪᠡᠯ ᠰᠠᠶ᠋ᠢ ᠰᠢᠯᠭᠠᠯᠲᠠ ᠶᠢᠨ ᠲᠣᠭᠤᠷᠢᠭ ᠲᠤ ᠣᠷᠣᠵᠤ ᠪᠣᠯᠤᠨ᠎ᠠ᠃ ᠳᠤᠮᠳᠠ ᠥᠨᠳᠥᠷ ᠠᠶᠤᠯ ᠲᠦᠭᠰᠢᠭᠦᠷᠢ ᠶᠢᠨ ᠲᠡᠰ ᠤᠨ ᠭᠠᠵᠠᠷ ᠣᠷᠣᠨ ᠳᠤ ᠣᠷᠣᠰᠢᠨ ᠰᠠᠭᠤᠭᠰᠠᠨ ᠲᠡᠦᠬᠡ ᠲᠠᠢ ᠬᠥᠮᠦᠰ  ᠪᠠᠶᠢᠪᠠᠯ᠂ ᠡᠷᠬᠡᠪᠰᠢ ᠡᠮᠦᠨ᠎ᠡ 7 ᠡᠳᠦᠷ ᠤᠨ ᠳᠣᠲᠣᠷ᠎ᠠ ᠪᠥᠭᠡᠮ ᠬᠦᠴᠢᠯ ᠢ ᠪᠠᠶᠢᠴᠠᠭᠠᠨ ᠬᠡᠮᠵᠢᠬᠦ ᠪᠢᠯᠢᠭ ᠴᠢᠨᠠᠷ ᠤᠨ  ᠭᠡᠷᠡᠴᠢ ᠪᠤᠶᠤ ᠪᠥᠭᠡᠮ ᠬᠦᠴᠢᠯ ᠢ ᠪᠠᠶᠢᠴᠠᠭᠠᠨ ᠬᠡᠮᠵᠢᠬᠦ ᠪᠢᠯᠢᠭ ᠴᠢᠨᠠᠷᠲᠠᠶ ᠮᠡᠳᠡᠭᠡ ᠵᠠᠩᠭᠢ ᠶᠢ ᠪᠠᠭᠲᠠᠭᠠᠭᠰᠠᠨ ᠡᠷᠡᠭᠦᠯ ᠢᠶᠠᠷ ᠨᠡᠪᠲᠡᠷᠡᠬᠦ ᠺᠣᠳ᠋ ︽ᠨᠣᠭᠤᠭᠠᠨ ᠺᠣᠳ᠋︾᠎ ᠢ ᠭᠠᠷᠭᠠᠨ ᠦᠵᠡᠭᠦᠯᠵᠦ᠂  ᠪᠡᠶ᠎ᠡ ᠶᠢᠨ ᠳᠤᠯᠠᠭᠠᠨ  ᠨᠢ ᠬᠡᠪ ᠤᠨ ᠪᠥᠭᠡᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠤᠷᠢᠲᠠᠯ ᠳᠣᠤᠷ᠎ᠠ ᠰᠠᠶ᠋ᠢ ᠣᠷᠣᠵᠤ ᠪᠣᠯᠤᠨ᠎ᠠ᠃ ᠬᠢᠷᠢ ᠬᠡᠮ ᠢ ᠳᠠᠬᠢᠨ ᠬᠢᠨᠠᠬᠤ ᠪᠠ ᠨᠢᠭᠤᠷᠲᠠᠨ ᠰᠢᠯᠭᠠᠬᠤ ᠬᠤᠭᠤᠴᠠᠭᠠᠨ ᠳᠤ᠂  ᠰᠢᠯᠭᠠᠭᠤᠯᠤᠭᠰᠠᠨ ᠪᠣᠶ ᠪᠥᠬᠦᠶ ᠬᠥᠮᠦᠰ ᠥᠪᠡᠰᠦᠪᠡᠨ ᠪᠡᠯᠡᠳᠬᠡᠬᠦ ᠶᠢᠨ ᠬᠠᠮᠲᠤ ᠠᠮᠠᠪᠴᠢ ᠵᠡᠭᠦᠬᠦ ᠬᠡᠷᠡᠭᠲᠡᠶ᠃7. ᠠᠰᠠᠭᠤᠨ ᠯᠠᠪᠯᠠᠬᠤ ᠤᠲᠠᠰᠤ᠄ 0476 — 3510421ᠳᠠᠭᠠᠯᠳᠤᠭᠤᠯᠤᠯ᠄ 2020 ᠣᠨ ᠎ ᠤ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠢᠯᠡ ᠪᠠᠷ ᠤᠷᠢᠵᠤ ᠨᠢᠭᠤᠷᠳᠠᠨ ᠰᠢᠯᠭᠠᠬᠤ ᠬᠢᠷᠢ ᠬᠡᠮ ᠢ ᠳᠠᠬᠢᠨ ᠬᠢᠨᠠᠬᠤ ᠨᠡᠷᠡᠰ  xlsx       ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ                                         2020 ᠣᠨ ᠤ 8 ᠰᠠᠷ᠎ᠠ ᠶᠢᠨ 11᠎ ᠤ ᠡᠳᠦᠷ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1