︽ᠶᠤᠸᠠᠨ ᠪᠦᠦ ᠱᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠬᠢᠨ ᠪᠠᠶᠢᠴᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢᠨ ᠲᠥᠷᠥ ᠶᠢᠨ  ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/8/12
   ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠬᠢᠨ ᠪᠠᠶᠢᠴᠠᠭᠠᠬᠤ ᠠᠵᠢᠯ ᠢ  ᠵᠢᠷᠤᠮᠵᠢᠭᠤᠯᠵᠤ᠂ ᠮᠠᠨ ᠤ  ᠲᠤᠭᠤᠷᠢᠭ ᠤᠨ ᠨᠡᠶᠢᠭᠡᠮ ᠤᠨ ᠲᠣᠭᠲᠠᠭᠤᠨ ᠪᠠᠶᠢᠳᠠᠯ ᠢ  ᠬᠠᠮᠠᠭᠠᠯᠠᠬᠤ ᠶᠢᠨ ᠲᠦᠯᠦᠭᠡ᠂ ︽ᠵᠠᠬᠢᠳᠠᠯ ᠰᠤᠷᠪᠤᠯᠵᠢᠯᠠᠭ᠎ᠠ ᠶᠢᠨ ᠳᠦᠷᠢᠮ︾ ︽ᠣᠯᠠᠨ ᠲᠦᠮᠡᠨ ᠤ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ ᠵᠠᠬᠢᠳᠠᠯ ᠰᠤᠷᠪᠤᠯᠵᠢᠯᠠᠯ ᠤᠨ ᠳᠣᠪᠦ᠋ᠮ᠎ᠠ ᠠᠰᠠᠭᠤᠳᠠᠯ ᠢ  ᠰᠢᠢᠳᠪᠦᠷᠢᠯᠡᠬᠦ ᠲᠤᠬᠠᠶ ᠰᠠᠨᠠᠯ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠵᠠᠬᠢᠳᠠᠯ  ᠰᠤᠷᠪᠤᠯᠵᠢᠯᠠᠭ᠎ᠠ ᠶᠢᠨ  ᠵᠦᠢᠯᠡᠰ ᠢ ᠳᠠᠬᠢᠨ ᠪᠠᠶᠢᠴᠠᠭᠠᠵᠤ ᠳᠠᠬᠢᠨ ᠬᠢᠨᠠᠬᠤ ᠠᠷᠭ᠎ᠠ︾᠎ ᠶᠢ ᠦᠨᠳᠦᠰᠦᠯᠡᠨ᠂ ᠶᠤᠸᠠᠨ ᠪᠦᠦ ᠱᠠᠨ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠪᠲᠠᠨ ᠪᠠᠶᠢᠴᠠᠭᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠪᠠᠶᠢᠭᠤᠯᠬᠤ ᠪᠠᠷ ᠲᠣᠭᠲᠠᠪᠠ᠃ ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠯᠠᠪᠳᠠᠭᠤᠨ ᠢᠶᠠᠷ  ᠰᠢᠢᠳᠪᠦᠷᠢᠯᠡᠬᠦ ᠶᠢᠨ ᠲᠥᠯᠥᠭᠡ᠂ ᠲᠦᠷ ᠬᠡᠷᠡᠭᠵᠢᠭᠦᠯᠬᠦ ᠠᠷᠭ᠎ᠠ ᠶᠢ ᠲᠣᠭᠲᠠᠭᠠᠪᠠ᠃ ᠣᠳᠣ ᠭᠤᠣᠯ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄    ᠨᠢᠭᠡ᠂ ᠠᠬᠤᠶ ᠪᠠᠶᠢᠳᠠᠯ ᠤᠨ ᠦᠨᠳᠦᠰᠦᠯᠡᠯ  ︽ᠵᠠᠬᠢᠳᠠᠯ ᠰᠤᠷᠪᠤᠯᠵᠢᠯᠠᠯ ᠤᠨ ᠳᠦᠷᠢᠮ︾ ︽ᠣᠯᠠᠨ ᠲᠦᠮᠡᠨ ᠤ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ  ᠵᠠᠬᠢᠳᠠᠯ ᠰᠤᠷᠪᠤᠯᠵᠢᠯᠠᠭ᠎ᠠ ᠶᠢᠨ ᠳᠣᠪᠦ᠋ᠮ᠎ᠠ ᠠᠰᠠᠭᠤᠳᠠᠯ ᠢ  ᠰᠢᠢᠳᠪᠦᠷᠢᠯᠡᠬᠦ ᠲᠤᠬᠠᠶ ᠰᠠᠨᠠᠯ︾ ᠪᠣᠯᠤᠨ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ  ᠵᠦᠢᠯᠡᠰ ᠢ ᠳᠠᠬᠢᠨ ᠪᠠᠶᠢᠴᠠᠭᠠᠵᠤ ᠳᠠᠬᠢᠨ ᠬᠢᠨᠠᠬᠤ ᠠᠷᠭ᠎ᠠ︾᠎ ᠶᠢ  ᠦᠨᠳᠦᠰᠦᠯᠡᠪᠡ᠃   ᠬᠤᠶᠠᠷ᠂ ᠭᠤᠤᠯ ᠠᠭᠤᠯᠭ᠎ᠠ1. ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠦᠷᠢᠯᠳᠦᠬᠦᠨ ᠤ ᠪᠦᠷᠢᠯᠳᠦᠯ ᠵᠢᠴᠢ ᠪᠦᠷᠢᠯᠳᠦᠭᠦᠯᠪᠡᠰᠦ ᠵᠣᠬᠢᠬᠤ ᠨᠥᠬᠦᠴᠡᠯ2. ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠦᠷᠢᠯᠳᠦᠬᠦᠨ ᠤ ᠲᠤᠰᠢᠶᠠᠯ ᠬᠠᠷᠢᠭᠤᠴᠠᠯᠭ᠎ᠠ3. ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠦᠷᠢᠯᠳᠦᠬᠦᠨ ᠳᠤ ᠲᠠᠯᠪᠢᠬᠤ ᠠᠵᠢᠯ ᠤᠨ ᠱᠠᠭᠠᠷᠳᠠᠯᠭ᠎ᠠ4. ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠦᠷᠢᠯᠳᠦᠬᠦᠨ ᠤ ᠡᠷᠬᠡ ᠵᠢᠴᠢ ᠡᠭᠦᠷᠭᠡ5. ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠦᠷᠢᠯᠳᠦᠬᠦᠨ ᠤ ᠡᠳᠦᠷ ᠲᠤᠲᠤᠮ ᠤᠨ ᠬᠠᠮᠢᠶᠠᠷᠤᠯᠲᠠ    ᠭᠤᠷᠪᠠ᠂ ᠦᠢᠯᠡᠳᠦᠯ ᠦᠷ᠎ᠡ ᠳ᠋ᠦᠩ   ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠬᠢᠨ ᠪᠠᠶᠢᠴᠠᠭᠠᠬᠤ ᠠᠵᠢᠯ ᠢ  ᠵᠢᠷᠤᠮᠵᠢᠭᠤᠯᠵᠤ᠂ ᠮᠠᠨ ᠤ  ᠲᠤᠭᠤᠷᠢᠭ ‍ᠤᠨ‌ᠨᠡᠶᠢᠭᠡᠮ ᠤᠨ ᠲᠣᠭᠲᠠᠭᠤᠨ ᠪᠠᠶᠢᠳᠠᠯ ᠢ  ᠬᠠᠮᠠᠭᠠᠯᠠᠬᠤ ᠶᠢᠨ ᠲᠦᠯᠦᠭᠡ᠂ ᠵᠠᠬᠢᠳᠠᠯ ᠰᠤᠷᠪᠤᠯᠵᠢᠯᠠᠯ ᠤᠨ  ᠵᠦᠢᠯᠡᠰ ᠢ ᠳᠠᠬᠢᠨ ᠪᠠᠶᠢᠴᠠᠭᠠᠬᠤ ᠳᠤ ᠬᠤᠯᠪᠣᠭᠳᠠᠬᠤ ᠠᠭᠤᠯᠭ᠎ᠠ ᠶᠢ ᠦᠨᠳᠦᠰᠦᠯᠡᠨ᠂ ᠵᠣᠬᠢᠴᠠᠩᠭᠤᠶ ᠬᠠᠤᠯᠢ ᠴᠠᠭᠠᠵᠠ ᠬᠠᠤᠯᠢ  ᠲᠤᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢ ᠰᠠᠶᠢᠨ ᠮᠡᠳᠡᠬᠦ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯᠲᠡᠨ ᠢ ᠤᠷᠢᠨ  ᠤᠷᠤᠯᠴᠠᠭᠤᠯᠤᠨ᠎ᠠ᠃ ᠲᠤᠰᠬᠠᠶ ᠮᠡᠷᠭᠡᠵᠢᠯᠲᠡᠨ ᠤ ᠳᠠᠪᠲᠠᠨ ᠪᠠᠶᠢᠴᠠᠭᠠᠬᠤ᠂ ᠰᠤᠷᠪᠤᠯᠵᠢᠯᠠᠭ᠎ᠠ ᠬᠦᠯᠢᠶᠡᠬᠦ᠂ ᠭᠡᠷᠡᠴᠢᠯᠡᠭᠡ ᠰᠣᠨᠣᠰᠬᠤ ᠬᠤᠷᠠᠯ ᠪᠤᠶᠤ ᠨᠤᠲᠠᠯᠠᠯᠲᠠ ᠶᠢᠨ ᠬᠤᠷᠠᠯ ᠳᠤ ᠣᠷᠣᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠤᠰᠬᠠᠶ ᠮᠡᠷᠭᠡᠵᠢᠯ ᠤᠨ ᠰᠠᠨᠠᠯ ᠢ ᠪᠤᠰᠤᠳᠴᠢ ᠪᠠᠷ ᠲᠥᠪ ᠭᠤᠤᠯᠴᠢ ᠪᠠᠷ ᠳᠤᠷᠠᠳᠤᠨ ᠭᠠᠷᠭᠠᠵᠤ᠂ ᠵᠠᠬᠢᠳᠠᠯ  ᠰᠤᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ ᠨᠡᠩ ᠰᠠᠶᠢᠲᠤᠷ ᠨᠠᠮᠳᠠᠭᠤᠯᠤᠨ᠎ᠠ᠃      ᠲᠠᠶᠢᠯᠤᠮᠵᠢ ᠬᠢᠭᠰᠡᠨ ᠨᠢᠭᠡᠴᠡ᠄ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1