ᠶᠤᠸᠠᠨ ᠪᠦᠦ ᠱᠠᠨ ᠲᠣᠭᠤᠷᠢᠭ ︽ᠴᠡᠷᠢᠭ ᠠᠴᠠ ᠬᠠᠯᠠᠭᠳᠠᠭᠰᠠᠳ ᠤᠨ ᠠᠰᠠᠷᠠᠮᠵᠢ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠎ ᠶᠢᠨ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2020/8/4
    7 ᠰᠠᠷ᠎ᠠ ᠶᠢᠨ 31᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ  ᠲᠤᠪᠴᠢᠶ᠎ᠠ  ᠂ ᠳᠤᠮᠳᠠᠳᠤ ᠤᠯᠤᠰ ᠤᠨ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠶᠤᠸᠠᠨ ᠪᠦᠦ ᠱᠠᠨ ᠲᠣᠭᠤᠷᠢᠭ ᠤᠨ ᠰᠠᠯᠪᠤᠷᠢ ᠪᠠᠩᠬᠢ ᠲᠠᠢ ᠬᠠᠮᠲᠤᠷᠠᠨ ᠫᠢᠩ ᠵᠤᠸᠠᠩ ᠶᠢᠨ ᠾᠧ ᠠᠭᠤᠳᠠᠮ ᠲᠠᠯᠠᠪᠠᠶ ᠳᠤ ᠴᠡᠷᠢᠭ ᠠᠴᠠ ᠬᠠᠯᠠᠭᠳᠠᠭᠰᠠᠳ ᠤᠨ ᠠᠰᠠᠷᠠᠮᠵᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ  ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠶᠣᠰᠣᠯᠠᠯ ᠳᠡᠭᠡᠷ᠎ᠡ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠳᠤᠮᠳᠠᠳᠤ ᠤᠯᠤᠰ ᠤᠨ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠶᠤᠸᠠᠨ ᠪᠦᠦ ᠱᠠᠨ ᠲᠣᠭᠤᠷᠢᠭ ᠤᠨ ᠰᠠᠯᠪᠤᠷᠢ ᠪᠠᠩᠬᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠠᠷ ᠤᠨ ᠦᠭᠡ ᠬᠡᠯᠡᠭᠰᠡᠨ ᠪᠥᠭᠡᠳ ᠠᠰᠠᠷᠠᠮᠵᠢ ᠬᠠᠷᠠᠭᠠᠯᠵᠠᠯ ᠤᠨ ᠠᠯᠪᠠᠨ ᠵᠢᠷᠤᠮ ᠤᠨ ᠬᠢᠨᠠᠯᠲᠠ ᠲᠠᠯᠪᠢᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃
   ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂  ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠠᠵᠢᠯᠲᠠᠨ ᠴᠡᠷᠢᠭ ᠤᠨ ᠠᠯᠪᠠ ᠠᠴᠠ ᠪᠠᠭᠤᠭᠰᠠᠳ ᠵᠢᠴᠢ ᠠᠰᠠᠷᠠᠨ ᠬᠠᠷᠠᠭᠠᠯᠵᠠᠬᠤ ᠡᠲᠡᠭᠡᠳ ᠲᠤ ᠠᠰᠠᠷᠠᠮᠵᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠨᠠᠷᠢᠨ ᠬᠢᠨᠠᠮᠠᠭᠠᠶ ᠲᠠᠶᠢᠯᠪᠤᠷᠢᠯᠠᠬᠤ ᠶᠢᠨ ᠬᠠᠮᠲᠤ ᠤᠬᠠᠭᠤᠯᠭ᠎ᠠ ᠶᠢᠨ ᠳᠡᠪᠲᠡᠷ  ᠲᠠᠷᠬᠠᠵᠠᠢ︔ ᠪᠠᠩᠬᠢ ᠶᠢᠨ ᠠᠵᠢᠯᠲᠠᠳ ᠴᠡᠷᠢᠭ ᠠᠴᠠ ᠬᠠᠯᠠᠭᠳᠠᠭᠰᠠᠳ ᠲᠤ  ᠰᠦᠢᠳᠬᠡᠯ  ᠦᠭᠡᠢ ᠪᠠᠷ ᠬᠠᠳᠠᠭᠠᠯᠠᠮᠵᠢ ᠶᠢᠨ ᠺᠠᠷᠲ ᠵᠢᠴᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ  ᠭᠦᠢᠴᠡᠳᠬᠡᠵᠦ ᠥᠭᠴᠡᠶ᠃ ᠠᠰᠠᠷᠠᠮᠵᠢ ᠬᠠᠷᠠᠭᠠᠯᠵᠠᠯ ᠤᠨ ᠠᠵᠢᠯ ᠪᠣᠯ ᠤᠯᠤᠰ ᠪᠠ ᠨᠡᠶᠢᠭᠡᠮ ᠠᠴᠠ ᠴᠡᠷᠢᠭ ᠎ ᠤᠨ ᠠᠯᠪᠠᠨ ᠠᠴᠠ ᠪᠠᠭᠤᠭᠰᠠᠳ ᠪᠠ  ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠬᠠᠤᠯᠢ ᠶᠣᠰᠣᠭᠠᠷ ᠬᠡᠷᠡᠭᠵᠢᠭᠦᠯᠬᠦ ᠣᠨᠴᠠᠭᠠᠢ ᠲᠥᠷᠥ ᠶᠢᠨ ᠪᠣᠳᠣᠯᠭ᠎ᠠ ᠪᠣᠯᠤᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠠᠶᠢᠭᠤᠯᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠃ ᠡᠨᠡ ᠤᠳᠠᠭᠠᠨ ᠤ ᠬᠥᠳᠡᠯᠭᠡᠭᠡᠨ ᠢᠶᠠᠷ ᠳᠠᠮᠵᠢᠨ᠂ ᠨᠡᠶᠢᠭᠡᠮ ᠤᠨ ᠡᠯ᠎ᠡ ᠡᠲᠡᠭᠡᠳ ᠪᠣᠯᠤᠨ ᠥᠷᠭᠡᠨ ᠣᠯᠠᠨ ᠲᠦᠮᠡᠨ  ᠠᠰᠠᠷᠠᠮᠵᠢ ᠬᠠᠷᠠᠭᠠᠯᠵᠠᠯ ᠤᠨ ᠲᠥᠷᠥ ᠶᠢᠨ ᠪᠤᠳᠣᠯᠭ᠎ᠠ ᠶᠢ ᠤᠯᠠᠮ ᠨᠢᠭᠡ ᠠᠯᠬᠤᠮ ᠣᠶᠢᠯᠠᠭᠠᠵᠤ᠂ ᠥᠷᠭᠡᠨ ᠣᠯᠠᠨ ᠴᠡᠷᠢᠭ ᠤᠨ ᠠᠯᠪᠠᠨ ᠠᠴᠠ ᠪᠠᠭᠤᠭᠰᠠᠳ ᠪᠣᠯᠤᠨ  ᠬᠠᠷᠠᠭᠠᠯᠵᠠᠯ ᠬᠦᠷᠲᠡᠭᠰᠡᠳ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠢ ᠦᠨᠡᠨᠬᠦ  ᠤᠶᠢᠯᠠᠭᠠᠨ᠂ ᠨᠡᠶᠢᠭᠡᠮ ᠳᠠᠶᠠᠭᠠᠷ ᠲᠤ ᠴᠡᠷᠢᠭ ᠤᠨ ᠠᠯᠪᠠᠨ ᠠᠴᠠ ᠪᠠᠭᠤᠭᠰᠠᠳ ᠢ ᠬᠦᠨᠳᠦᠳᠬᠡᠬᠦ᠂ ᠠᠰᠠᠷᠠᠨ ᠬᠠᠷᠠᠭᠠᠯᠵᠠᠬᠤ  ᠡᠳᠡᠭᠡᠳ ᠢ ᠬᠠᠯᠠᠮᠵᠢᠯᠠᠨ ᠬᠠᠶᠢᠷᠠᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ  ᠪᠤᠯᠭᠠᠵᠠᠢ᠃                                        ︵ᠸᠠᠩ ᠷᠦᠢ ᠭᠤᠤ      ᠹᠸᠢ ᠶᠠᠩ ᠡᡁᠧ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1