ᠸᠠᠩ ᠶᠦᠩ ᠶᠤᠸᠠᠨ ᠪᠦᠦ ᠱᠠᠨ ᠲᠣᠭᠤᠷᠢᠭ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ  ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ  ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/9/22
   9 ᠰᠠᠷ᠎ᠠ ᠶᠢᠨ 8᠎ ᠤ ᠡᠳᠦᠷ᠂  ᠲᠤᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠶᠦᠩ ᠶᠤᠸᠠᠨ ᠪᠦᠦ ᠱᠠᠨ ᠲᠣᠭᠤᠷᠢᠭ ᠎ ᠤᠨ ︽ᠪᠠᠭᠤᠯᠭᠠᠬᠤ ᠬᠠᠮᠢᠶᠠᠷᠬᠤ  ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠵᠦᠩ ᠴᠢᠩ ᠰᠦᠩ᠂  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ  ᠭᠡᠰᠢᠭᠦᠨ᠂ ᠠᠯᠪᠠᠨ ᠭᠡᠷ ᠤᠨ ᠡᠷᠬᠢᠯᠡᠭᠴᠢ ᠵᠧᠦ ᠵᠠᠨ ᠯᠢ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠪᠡ᠃
   ᠸᠠᠩ ᠶᠦᠩ ᠤᠷᠢᠳ ᠬᠤᠵᠢᠳ ᠲᠣᠭᠤᠷᠢᠭ ᠤᠨ ᠡᠮ ᠡᠮᠨᠡᠯᠭᠡ  ᠶᠢᠨ ᠳᠠᠭᠠᠳᠬᠠᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂  ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠵᠠᠰᠠᠭ  ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠶᠢᠨ  ᠦᠢᠯᠡᠴᠢᠯᠡᠭᠡᠨ ᠤ ᠲᠢᠩᠬᠢᠮ ᠪᠠ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ  ᠢ ᠰᠢᠯᠢᠳᠡᠭᠵᠢᠭᠦᠯᠬᠦ ᠠᠯᠪᠠᠨ ᠭᠡᠷ ᠲᠤ ᠭᠦᠨᠵᠡᠭᠡᠶᠢᠷᠡᠨ᠂  ᠦᠢᠯᠡᠴᠢᠯᠡᠭᠡᠨ ᠤ  ᠭᠦᠢᠴᠡᠳᠬᠡᠬᠦ ᠴᠤᠪᠤᠷᠠᠯ᠂ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠂ ᠶᠡᠷᠦᠩᠬᠡᠶᠢᠯᠡᠨ ᠬᠢᠨᠠᠨ ᠵᠥᠪᠰᠢᠶᠡᠷᠡᠬᠦ ᠵᠢᠴᠢ ᠡᠯ᠎ᠡ ᠨᠢᠭᠡᠴᠡ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃
    ᠸᠠᠩ ᠶᠦᠩ ᠵᠢᠭᠠᠵᠤ ᠭᠠᠷᠭᠠᠭᠰᠠᠨ ᠨᠢ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠪᠣᠯ ᠨᠠᠮ ᠤᠨ ᠲᠥᠪ ᠬᠤᠷᠢᠶ᠎ᠠ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ  ᠰᠢᠢᠳᠪᠦᠷᠢᠲᠦ ᠪᠣᠳᠣᠯᠭ᠎ᠠ ᠶᠢᠨ  ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠡᠭᠦᠷᠭᠡ ᠪᠣᠯᠬᠤ ᠪᠥᠭᠡᠳ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠠᠪᠤᠳᠠᠯ ᠪᠣᠯᠤᠨ᠎ᠠ᠃ ᠮᠠᠨ ᠤ  ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ  ᠮᠦᠨ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠤᠨ ᠲᠤᠬᠠᠶ ᠲᠠᠨᠢᠯᠲᠠ ᠪᠠᠨ ᠦᠨᠡᠨ ᠬᠦ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ  ᠴᠢᠩᠭᠠᠳᠬᠠᠨ᠂ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨ ᠬᠦ  ᠴᠢᠩᠭᠠᠳᠬᠠᠨ᠂ ᠮᠠᠨ ᠤ  ᠲᠤᠭᠤᠷᠢᠭ ᠤᠨ ᠥᠷᠢᠰᠦᠯᠳᠦᠬᠦ ᠬᠦᠴᠦᠨ ᠢ ᠬᠦᠴᠦᠯᠡᠨ  ᠳᠡᠭᠡᠭᠰᠢᠯᠡᠭᠦᠯᠬᠦ ᠬᠡᠷᠡᠭᠲᠡᠢ᠃
    ᠸᠠᠩ ᠶᠦᠩ ᠴᠢᠬᠤᠯᠠᠴᠢᠯᠠᠭᠰᠠᠨ ᠨᠢ᠂ ᠰᠢᠨᠵᠢᠯᠡᠬᠦ ᠤᠬᠠᠭᠠᠨᠴᠢ ᠪᠠᠷ ᠠᠷᠭ᠎ᠠ  ᠰᠦᠪᠡᠭᠴᠢᠯᠡᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠳᠤ ᠪᠦᠬᠦᠯᠢ ᠴᠣᠭᠴᠠ ᠶᠢᠨ ᠵᠢᠷᠤᠭ  ᠲᠦᠯᠦᠪᠯᠡᠯᠭᠡ ᠬᠢᠵᠦ᠂ ᠠᠵᠢᠯ ᠤᠨ ᠳᠦᠷᠢᠮ ᠪᠠ ᠬᠡᠷᠡᠭᠵᠢᠭᠦᠯᠬᠦ ᠳᠦᠷᠢᠮ  ᠢ  ᠲᠤᠭᠲᠠᠭᠠᠨ᠂ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠪᠦᠬᠦᠯᠢ ᠴᠣᠭᠴᠠ ᠶᠢᠨ ᠲᠥᠰᠦᠯ ᠪᠠ ᠠᠵᠢᠯ ᠤᠨ ᠨᠠᠷᠢᠨ ᠲᠠᠩᠰᠠ ᠶᠢ  ᠪᠦᠷᠢᠯᠳᠦᠭᠦᠯᠵᠦ᠂ ᠠᠯᠬᠤᠮ ᠬᠤᠪᠢᠶᠠᠨ  ᠬᠡᠷᠡᠭᠵᠢᠭᠦᠯᠦᠨ᠂ ᠡᠮᠬᠢ ᠵᠢᠷᠤᠮ ᠲᠠᠢ ᠠᠬᠢᠭᠤᠯᠤᠨ᠎ᠠ︔  ᠵᠠᠰᠠᠭ  ᠤᠨ ᠶᠠᠪᠤᠳᠠᠯ ᠤᠨ ᠲᠢᠩᠬᠢᠮ ᠳᠤ ᠣᠷᠣᠵᠤ ᠰᠠᠭᠤᠬᠤ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠲᠣᠭᠲᠠᠭᠠᠯ  ᠢ ᠴᠢᠩᠭ᠎ᠠ  ᠨᠠᠶᠢᠳᠠᠪᠤᠷᠢᠵᠢᠭᠤᠯᠵᠤ᠂ ᠠᠵᠢᠯᠲᠠᠨ᠂  ᠭᠦᠢᠴᠡᠳᠬᠡᠬᠦ ᠤᠴᠢᠷ ᠶᠠᠪᠤᠳᠠᠯ ᠢ ᠪᠣᠳᠠᠲᠠᠶ ᠭᠠᠵᠠᠷ ᠲᠤᠨᠢ ᠬᠦᠷᠭᠡᠬᠦ ᠶᠢ ᠦᠨᠡᠨ ᠬᠦ  ᠪᠡᠶᠡᠯᠡᠭᠦᠯᠵᠦ᠂ ᠬᠡᠪ ᠴᠢᠨᠠᠷ ᠥᠨᠳᠥᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠰᠠᠶᠢᠨ ᠬᠥᠮᠦᠰ ᠢ ᠰᠣᠩᠭᠤᠨ  ᠠᠵᠢᠯᠯᠠᠭᠤᠯᠵᠤ᠂  ᠴᠤᠩᠬᠤᠪᠴᠢ ᠶᠢᠨ ᠠᠵᠢᠯᠲᠠᠳ ᠲᠤ  ᠭᠦᠢᠴᠡᠳ ᠡᠷᠬᠡ  ᠣᠯᠭᠤᠨ᠂ ᠬᠢᠨᠠᠨ ᠵᠥᠪᠰᠢᠶᠡᠷᠡᠬᠦ  ᠵᠦᠢᠯᠡᠰ ᠢ  ᠰᠠᠶᠢᠲᠤᠷ  ᠭᠦᠢᠴᠡᠳᠬᠡᠨ ᠡᠷᠭᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ︔ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠲᠡᠷᠭᠡ ᠬᠥᠰᠬᠡ ᠶᠢᠨ ᠬᠠᠮᠢᠶᠠᠷᠤᠯᠲᠠ ᠵᠡᠷᠭᠡ  ᠭᠦᠢᠴᠡᠳᠬᠡᠬᠦ  ᠠᠰᠠᠭᠤᠳᠠᠯ ᠤᠯᠠᠨ  ᠲᠦᠭᠵᠢᠷᠡᠯ ᠲᠠᠢ ᠪᠠᠶᠢᠬᠤ ᠴᠤᠩᠬᠤᠪᠴᠢ ᠳᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠳᠠᠷᠦ᠋ᠢᠬᠠᠨ  ᠨᠠᠶᠢᠳᠠᠪᠤᠷᠢᠵᠢᠭᠤᠯᠵᠤ᠂ ᠴᠣᠩᠬᠤ ᠪᠠᠨ ᠨᠡᠮᠡᠭᠳᠡᠭᠦᠯᠬᠦ᠂ ᠴᠠᠭ ᠤᠷᠲᠤᠳᠬᠠᠨ  ᠦᠢᠯᠡᠴᠢᠯᠡᠬᠦ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠳᠠᠷᠦ᠋ᠢᠬᠠᠨ  ᠰᠢᠢᠳᠪᠦᠷᠢᠯᠡᠬᠦ ᠬᠡᠷᠡᠭᠲᠡᠶ︔ ︽ᠬᠠᠮᠲᠤᠷᠠᠨ  ᠬᠢᠨᠠᠬᠤ ᠲᠦᠷᠭᠡᠨ ᠭᠦᠢᠴᠡᠳᠬᠡᠬᠦ  ︾ ᠬᠢᠨᠠᠨ ᠵᠥᠪᠰᠢᠶᠡᠷᠡᠬᠦ ᠵᠠᠭᠪᠤᠷ  ᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠳᠤ ᠳᠥᠭᠦᠮ ᠦᠵᠡᠭᠦᠯᠬᠦ ᠪᠠᠷ ᠡᠬᠢᠯᠡᠯᠲᠡ ᠪᠣᠯᠭᠠᠵᠤ᠂ ︽ᠨᠢᠭᠡ ᠴᠣᠩᠬᠤ ᠪᠠᠷ ᠬᠦᠯᠢᠶᠡᠨ ᠠᠪᠴᠤ  ᠰᠢᠢᠳᠪᠦᠷᠢᠯᠡᠬᠦ︾  ᠴᠤᠩᠬᠤᠪᠴᠢ ᠶᠢ ᠪᠠᠶᠢᠭᠤᠯᠵᠤ᠂ ︽ᠰᠦᠯᠵᠢᠶᠡᠨ ᠳᠡᠭᠡᠷ᠎ᠡ  ᠭᠦᠢᠴᠡᠳᠬᠡᠬᠦ᠂  ᠣᠶᠢᠷ᠎ᠠ ᠬᠠᠪᠢ ᠎ ᠳᠠᠭᠠᠨ  ᠭᠦᠢᠴᠡᠳᠬᠡᠬᠦ᠂ ᠳᠠᠷᠦ᠋ᠢᠬᠠᠨ  ᠭᠦᠢᠴᠡᠳᠬᠡᠬᠦ︾᠎ ᠶᠢ ᠲᠦᠯᠬᠢᠨ ᠠᠬᠢᠭᠤᠯᠵᠤ᠂ ᠤᠯᠠᠨ ᠲᠦᠮᠡᠨ ᠪᠠ ᠠᠵᠤ ᠠᠬᠤᠶᠢᠯᠠᠯ ᠳᠤ ᠨᠡᠩ ᠳᠥᠭᠦᠮ ᠳᠥᠲᠡ  ᠦᠢᠯᠡᠴᠢᠯᠡᠬᠦ ᠬᠡᠷᠡᠭᠲᠡᠢ᠃    ᠸᠠᠩ ᠶᠦᠩ ᠱᠠᠭᠠᠷᠳᠠᠭᠰᠠᠨ ᠨᠢ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ  ᠢ ᠰᠢᠯᠢᠳᠡᠭᠵᠢᠭᠦᠯᠬᠦ ᠠᠵᠢᠯ ᠢ  ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ  ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ  ᠢ  ᠰᠢᠯᠢᠳᠡᠭᠵᠢᠭᠦᠯᠬᠦ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠬᠡᠯᠪᠡᠷᠢ ᠶᠢᠨ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠮᠠᠨ ᠤ  ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠠᠶᠢᠵᠢᠷᠠᠨ ᠳᠡᠭᠡᠭᠰᠢᠯᠡᠬᠦ ᠶᠢ ᠦᠷᠭᠦᠯᠵᠢᠯᠡᠨ  ᠠᠬᠢᠭᠤᠯᠬᠤ ᠬᠡᠷᠡᠭᠲᠡᠢ ᠭᠡᠵᠡᠢ᠃                        ︵ᠰᠦᠨ ᠶᠠᠨ           ᠸᠠᠩ ᠬᠤᠤ ᠷᠠᠨ  ︶
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1