ᠸᠠᠩ ᠶᠦᠩ ᠦᠵᠢᠶᠠ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ  ᠮᠤᠬᠤᠷ ᠭᠤᠤᠯ ᠡᠷᠡᠭᠦᠯ ᠮᠡᠨᠳᠦ ᠶᠢᠨ ᠠᠵᠤ  ᠦᠢᠯᠡᠰ ᠤᠨ ᠬᠦᠷᠢᠶᠡᠯᠡᠩ ᠲᠣᠭᠤᠷᠢᠭ ᠤᠨ ᠨᠡᠭᠡᠭᠡᠨ ᠬᠥᠭᠵᠢᠭᠦᠯᠦᠯᠲᠡ ᠶᠢᠨ ᠲᠤᠷᠰᠢᠯᠲᠠ ᠶᠢᠨ  ᠲᠤᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2020/9/22
   9 ᠰᠠᠷ᠎ᠠ ᠶᠢᠨ 9᠎ ᠤ ᠡᠳᠦᠷ᠂  ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠠᠩ ᠶᠦᠩ  ᠦᠵᠢᠶᠠ ᠠᠵᠤ  ᠦᠢᠯᠡᠳᠪᠦᠷᠢ ᠶᠢᠨ ᠬᠦᠷᠢᠶᠡᠯᠡᠩ  ᠲᠤᠭᠤᠷᠢᠭ᠂  ᠮᠤᠬᠤᠷ ᠭᠤᠤᠯ  ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠤᠯᠠᠭᠠᠨᠬᠠᠳᠠ ᠬᠤᠲᠠ ᠶᠢᠨ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠠᠵᠤ ᠠᠬᠤᠢ ᠶᠢᠨ ᠬᠡᠯᠪᠡᠷᠢ ᠪᠠᠨ  ᠬᠤᠪᠢᠷᠠᠭᠤᠯᠤᠨ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠣᠷᠣᠨ ᠳᠤ ᠪᠠᠶᠢᠴᠠᠭᠠᠨ ᠰᠤᠳᠤᠯᠤᠯᠲᠠ ᠬᠢᠵᠦ᠂  ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠵᠧᠤ ᠵᠠᠨ ᠯᠢ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠹᠦ᠋ ᠰᠢᠤ ᠬᠤᠢ ᠪᠠᠷ᠎ᠠ ᠪᠤᠯᠵᠤ ᠪᠠᠶᠢᠴᠠᠭᠠᠨ ᠰᠤᠳᠤᠯᠪᠠ᠃
   ᠸᠠᠩ ᠶᠦᠩ ᠤᠷᠢᠳ ᠬᠤᠵᠢᠳ ᠦᠵᠢᠶᠠ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠯᠠᠭᠠᠨᠬᠠᠳᠠ ᠬᠤᠲᠠ ᠶᠢᠨ ᠬᠤᠸᠠᠨ ᠴᠢᠶᠤ ᠮᠠᠩᠭᠠᠨ ᠦᠶ᠋ᠯᠡᠰ ᠤᠨ ᠬᠢᠵᠠᠭᠠᠷᠲᠤ ᠺᠣᠮᠫᠠᠨᠢ ᠶᠢᠨ 25000KVA ᠠᠭᠤᠷᠬᠠᠶ ᠶᠢᠨ ᠢᠯᠴᠢ ᠶᠢᠨ ᠵᠤᠤᠬ᠎ᠠ ᠵᠢᠴᠢ 66KV ᠬᠦᠴᠦᠳᠡᠯ ᠥᠭᠡᠷᠡᠴᠢᠯᠡᠬᠦ ᠲᠥᠷᠥᠯ  ᠵᠦᠢᠯ᠂  ᠮᠤᠬᠤᠷ ᠭᠤᠣᠯ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠤᠯᠠᠭᠠᠨᠬᠠᠳᠠ ᠶᠢᠨ ᠸᠧᠢ ᠼᠦᠩ  ᠢᠳᠡᠭᠡᠨ ᠤ ᠬᠢᠵᠠᠭᠠᠷᠲᠤ ᠺᠣᠮᠫᠠᠨᠢ ᠶᠢᠨ ᠵᠢᠯ ᠤᠨ 4 ᠲᠦᠮᠡᠨ ᠲᠣᠨ ᠰᠣᠷᠭᠤᠭ  ᠰᠦ ᠦᠢᠯᠡᠳᠪᠦᠷᠢᠯᠡᠬᠦ  ᠲᠥᠷᠥᠯ ᠵᠦᠢᠯ᠂ ᠲᠠᠩᠱᠠᠨ ᠤ ᠴᠦᠨ ᠬᠤᠢ ᠢᠳᠡᠭᠡᠨ ᠤ ᠬᠢᠵᠠᠭᠠᠷᠲᠤ ᠺᠣᠮᠫᠠᠨᠢ ᠶᠢᠨ ᠪᠤᠷᠴᠠᠭ ᠤᠨ ᠪᠦᠲᠦᠭᠡᠭᠳᠡᠬᠦᠨ ᠤ ᠲᠥᠷᠥᠯ ᠵᠦᠢᠯ᠂ ᠶᠤᠸᠠᠨ ᠪᠦᠦ ᠱᠠᠨ ᠲᠣᠭᠤᠷᠢᠭ ᠤᠨ ᠷᠦᠢ ᠶᠠᠨ ᠪᠤᠷᠴᠠᠭ ᠤᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠂ ᠤᠯᠠᠭᠠᠨᠬᠠᠳᠠ ᠶᠢᠨ ᠱᠧᠩ ᠵᠢᠩ ᠢᠳᠡᠭᠡᠨ ᠤ ᠬᠢᠵᠠᠭᠠᠷᠲᠤ ᠺᠣᠮᠫᠠᠨᠢ ᠶᠢᠨ ᠰᠢᠷᠡᠮ ᠭᠡᠳᠡᠰᠦᠨ ᠤ  ᠲᠦᠷᠦᠯ ᠵᠦᠢᠯ  ᠂ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠣᠷᠣᠨ ᠤ  ᠺᠧ ᠸᠧᠢ ᠪᠥᠸᠧ ᠠᠮᠢᠳᠤ ᠪᠣᠳᠠᠰ ᠤᠨ ᠢᠰᠬᠡᠭᠦᠷ  ᠨᠠᠶᠢᠷᠠᠭᠤᠯᠬᠤ ᠲᠥᠷᠥᠯ  ᠵᠦᠢᠯ᠂ ᠺᠠᠩ ᠫᠦ ᠡᠮ ᠤᠨ  ᠦᠢᠯᠡᠰ ᠤᠨ  ᠳᠠᠭᠤᠷᠢᠶᠠᠨ  ᠦᠢᠯᠡᠳᠬᠦ ᠠᠵᠤ ᠦᠶᠢᠯᠡᠰᠵᠢᠯᠲᠡ ᠶᠢᠨ ᠲᠥᠷᠥᠯ  ᠵᠦᠢᠯ᠂ ᠬᠤᠸᠠ ᠲᠢᠶᠠᠨ  ᠬᠤᠷᠣᠬᠠᠶ ᠬᠥᠭᠡᠭᠡᠬᠦ ᠡᠮ ᠤᠨ ᠠᠵᠤ  ᠦᠢᠯᠡᠰ ᠤᠨ  ᠤᠷᠲᠤᠳᠬᠠᠭᠰᠠᠨ ᠲᠥᠷᠥᠯ ᠵᠦᠢᠯ᠂ ᠶᠢᠨᠢ ᠺᠧ ᠺᠣᠮᠫᠠᠨᠢ ᠶᠢᠨ ᠵᠢᠯ ᠳᠤ 6000 ᠲᠣᠨ ᠬᠦᠷᠢᠨ ᠤ ᠭᠠᠳᠠᠨᠠᠬᠢ ᠲᠤᠶᠠᠭ᠎ᠠ  ᠶᠢᠨ ᠰᠢᠩᠭᠡᠭᠡᠭᠴᠢ ᠡᠳ᠋ ᠵᠢᠴᠢ ᠵᠠᠪᠰᠠᠷ ᠤᠨ ᠴᠣᠭᠴᠠ ᠶᠢᠨ ᠲᠥᠷᠥᠯ  ᠵᠦᠢᠯ᠂ ᠳ᠋ᠦᠩᠬᠦᠢ ᠬᠢᠮᠢ ᠶᠢᠨ ᠠᠵᠤ  ᠦᠢᠯᠡᠳᠪᠦᠷᠢ ᠶᠢᠨ ᠵᠢᠯ ᠳᠤ 1000 ᠲᠣᠨ ᠭᠠᠪᠤᠷ ᠬᠦᠬᠦᠷ ᠤᠨ ᠬᠦᠴᠢᠯ ᠤᠨ ᠲᠥᠷᠥᠯ  ᠵᠦᠢᠯ᠂ ᠶᠦᠩ ᠪᠠᠩ ᠡᠮ ᠤᠨ  ᠦᠢᠯᠡᠰ ᠤᠨ ᠵᠢᠯ ᠳᠤ 1.19 ᠲᠦᠮᠡᠨ ᠲᠣᠨ ᠮᠠᠯ ᠳᠤ ᠬᠡᠷᠡᠭᠯᠡᠬᠦ ᠲᠦᠭᠦᠬᠡᠶ ᠮᠠᠲ᠋ᠧᠷᠢᠶᠠᠯ ᠤᠨ ᠡᠮ ᠵᠢᠴᠢ ᠵᠠᠪᠰᠠᠷ ᠤᠨ ᠴᠣᠭᠴᠠ ᠶᠢᠨ ᠲᠥᠷᠥᠯ  ᠵᠦᠢᠯ᠂ ᠨᠡᠭᠡᠭᠡᠨ ᠬᠥᠭᠵᠢᠭᠦᠯᠬᠦ ᠣᠷᠣᠨ ᠤ ᠤᠶᠤᠨᠲᠤ ᠡᠨᠧᠷᠭᠢ ᠶᠢᠨ ᠨᠠᠷᠮᠠᠶ ᠡᠨᠧᠷᠭᠢ ᠶᠢᠨ ᠲᠣᠤᠷ ᠤᠨ ᠲᠥᠷᠥᠯ  ᠵᠦᠢᠯ᠂ ᠫᠦᠯᠢ ᠲᠠᠢ ᠵᠢᠯ ᠳᠤ 260000 ᠲᠣᠨ ᠰᠢᠰᠢᠬᠢᠲ ᠠᠢ  ᠤᠨ ᠤᠰᠤ ᠶᠠᠩ ᠬᠦᠴᠢᠯ ᠤᠨ ᠬᠢᠮᠢ ᠶᠢᠨ ᠠᠵᠤ   ᠦᠢᠯᠡᠳᠪᠦᠷᠢ  ᠵᠡᠷᠭᠡ  ᠭᠠᠵᠠᠷ ᠤᠷᠤᠨ  ᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃  ᠬᠦᠷᠦᠭᠰᠡᠨ ᠭᠠᠵᠠᠷ ᠪᠤᠯᠭᠠᠨ ᠳᠤ ᠲᠡᠷᠡ ᠲᠥᠷᠥᠯ ᠵᠦᠢᠯ ᠤᠨ  ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠪᠡᠯᠡ ᠮᠥᠩᠭᠦ ᠶᠢᠨ ᠨᠠᠶᠢᠳᠠᠪᠤᠷᠢᠵᠢᠭᠤᠯᠤᠯᠲᠠ᠂  ᠠᠶᠤᠯᠭᠦᠢ ᠦᠢᠯᠡᠳᠪᠦᠷᠢᠯᠡᠯ ᠵᠢᠴᠢ ᠲᠤᠯᠭᠠᠷᠠᠭᠰᠠᠨ ᠠᠰᠠᠭᠤᠳᠠᠯ ᠬᠦᠴᠢᠷᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ  ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠢ ᠲᠤᠬᠠᠶ ᠶᠢᠨ ᠭᠠᠵᠠᠷ ᠲᠤᠨᠢ ᠰᠤᠳᠤᠯᠤᠨ  ᠰᠢᠢᠳᠪᠦᠷᠢᠯᠡᠬᠦ ᠶᠢᠨ ᠬᠠᠮᠲᠤ ᠪᠣᠳᠠᠲᠠᠶ ᠵᠢᠯᠣᠭᠤᠳᠬᠤ ᠰᠠᠨᠠᠯ  ᠳᠤᠷᠠᠳᠴᠠᠢ᠃   ᠸᠠᠩ ᠶᠦᠩ ᠱᠠᠭᠠᠷᠳᠠᠭᠰᠠᠨ ᠨᠢ᠂ ᠭᠤᠤᠯᠳᠠᠯᠭ᠎ᠠ ᠲᠠᠢ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠪᠣᠯ ᠶᠤᠸᠠᠨ ᠪᠦᠦ ᠱᠠᠨ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠲᠤᠯᠭᠠᠭᠤᠷᠢ ᠪᠣᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠲᠥᠷᠥᠯ  ᠵᠦᠢᠯ ᠤᠨ ᠡᠯ᠎ᠡ ᠱᠠᠲᠤᠨ ᠤ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠵᠦ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠬᠠᠪᠰᠤᠷᠤᠨ ᠵᠤᠬᠢᠴᠠᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ  ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃   ᠸᠠᠩ ᠶᠦᠩ ᠴᠢᠬᠤᠯᠠᠴᠢᠯᠠᠭᠰᠠᠨ ᠨᠢ᠂ ᠲᠥᠷᠥᠯ ᠵᠦᠢᠯ ᠤᠨ ᠪᠠᠷᠢᠯᠭ᠎ᠠ ᠪᠠᠷᠢᠬᠤ ᠴᠠᠭ  ᠢ ᠴᠢᠩᠭ᠎ᠠ ᠠᠳᠬᠤᠬᠤ ᠬᠡᠷᠡᠭᠲᠡᠶ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠳᠬᠤᠵᠤ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠪᠠᠷᠢᠯᠭ᠎ᠠ ᠶᠢᠨ ᠠᠬᠢᠴᠠ ᠶᠢ  ᠲᠦᠷᠭᠡᠳᠬᠡᠨ᠂ ᠲᠥᠷᠥᠯ  ᠵᠦᠢᠯ ᠢ ᠡᠷᠲᠡᠬᠡᠨ ᠪᠠᠶᠢᠭᠤᠯᠵᠤ᠂ ᠦᠷ᠎ᠡ ᠠᠰᠢᠭ ᠢ  ᠪᠠᠳᠠᠷᠠᠭᠤᠯᠬᠤ ᠬᠡᠷᠡᠭᠲᠡᠢ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠲᠥᠷᠥᠯ ᠢᠶᠠᠷ ᠢᠶᠠᠨ ᠬᠠᠮᠲᠤᠷᠠᠯᠴᠠᠵᠤ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ  ᠤᠷᠢᠬᠤ᠂ ᠠᠵᠤ  ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠴᠢᠩᠭᠠᠳᠬᠠᠵᠤ᠂ ︽ᠠᠰᠠᠷᠠᠭᠴᠢ ᠮᠠᠶ᠋ᠢᠭ︾ ︽ᠪᠥᠬᠦ ᠶᠠᠪᠤᠴᠠ ᠶᠢᠨ ᠮᠠᠶ᠋ᠢᠭ︾ ︽ᠣᠶᠢᠷᠠᠳᠬᠤ ᠮᠠᠶ᠋ᠢᠭ︾᠎ ᠤᠨ  ᠦᠢᠯᠡᠴᠢᠯᠡᠭᠡ ᠶᠢ  ᠬᠡᠷᠡᠭᠵᠢᠭᠦᠯᠬᠦ ᠬᠡᠷᠡᠭᠲᠡᠢ᠃ ᠪᠡᠯᠡ ᠣᠷᠣᠭᠤᠯᠤᠯᠲᠠ ᠶᠢᠨ ᠬᠡᠪᠴᠢᠶ᠎ᠡ ᠶᠡᠭᠡ᠂ ᠮᠡᠷᠭᠡᠵᠢᠯ ᠤᠨ ᠠᠭᠤᠯᠤᠭᠳᠠᠴᠠ ᠥᠨᠳᠥᠷ᠂ ᠠᠵᠤ  ᠦᠢᠯᠡᠰ ᠤᠨ ᠬᠡᠯᠬᠢᠶ ᠎ᠡ ᠤᠷᠲᠤ᠂ ᠬᠥᠭᠵᠢᠯᠲᠡ ᠶᠢᠨ ᠢᠷᠡᠭᠡᠳᠦᠶ ᠰᠠᠶᠢᠨ ᠨᠢᠭᠡ ᠪᠦᠯᠦᠭ ᠲᠣᠮᠣ ᠲᠥᠷᠥᠯ  ᠵᠦᠢᠯ᠂ ᠰᠠᠶᠢᠨ ᠲᠥᠷᠥᠯ ᠵᠦᠢᠯ ᠢ ᠤᠷᠤᠭᠤᠯᠤᠨ ᠠᠪᠴᠢᠷᠠᠵᠤ᠂ ᠪᠠᠶᠢᠭᠤᠯᠵᠤ  ᠪᠠᠶᠢᠭ᠎ᠠ ᠲᠥᠷᠥᠯ ᠵᠦᠢᠯ ᠤᠨ ᠠᠬᠢᠴᠠ ᠶᠢ ᠠᠳᠬᠤᠬᠤ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠳᠠᠭᠤᠰᠬᠤ ᠶᠢ ᠠᠳᠬᠤᠬᠤ᠂ ᠪᠠᠶᠢᠭᠤᠯᠬᠤ ᠪᠠᠷ  ᠪᠠᠶᠢᠭ᠎ᠠ ᠲᠥᠷᠥᠯ ᠵᠦᠢᠯ ᠤᠨ ᠡᠮᠦᠨᠡᠬᠢ ᠬᠤᠭᠤᠴᠠᠭ᠎ᠠ ᠶᠢ  ᠠᠳᠬᠤᠬᠤ ᠶᠢ ᠦᠨᠡᠨᠬᠦ ᠪᠡᠶᠡᠯᠡᠭᠦᠯᠵᠦ᠂ ︽ᠨᠢᠭᠡ ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠪᠦᠲᠦᠭᠡᠨ ᠪᠠᠶᠢᠭᠤᠯᠬᠤ᠂ ᠨᠢᠭᠡ ᠪᠦᠯᠦᠭ ᠢ  ᠳᠠᠭᠤᠰᠬᠠᠬᠤ᠂ ᠨᠢᠭᠡ ᠪᠦᠯᠦᠭ ᠢ ᠨᠥᠭᠡᠴᠡᠯᠡᠬᠦ︾ ᠦᠷᠭᠦᠯᠵᠢᠯᠡᠨ ᠬᠥᠭᠵᠢᠬᠦ ᠪᠠᠶᠢᠷᠢᠰᠢᠯ ᠢ ᠪᠣᠶ ᠪᠣᠯᠭᠠᠬᠤ ᠬᠡᠷᠡᠭᠲᠡᠶ  ᠃ ᠣᠳᠣ ᠪᠣᠯ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭ᠎ᠠ ᠪᠣᠯᠤᠨ᠎ᠠ᠂ ᠠᠶᠤᠯᠭᠦᠶ  ᠦᠢᠯᠡᠳᠪᠦᠷᠢᠯᠡᠯ ᠤᠨ ᠠᠵᠢᠯ ᠢ ᠴᠥᠬᠦᠷᠡᠰᠢ ᠦᠭᠡᠶ ᠠᠳᠬᠤᠵᠤ᠂ ᠲᠥᠷᠥᠯ  ᠵᠦᠢᠯ ᠤᠨ ᠭᠤᠤᠯᠴᠢᠯᠠᠨ  ᠬᠠᠮᠢᠶᠠᠷᠬᠤ ᠨᠢᠭᠡᠴᠡ ᠨᠢ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠶᠤᠯᠭᠦᠶ  ᠦᠢᠯᠡᠳᠪᠦᠷᠢᠯᠡᠯ ᠤᠨ ᠠᠵᠢᠯ ᠢ ᠰᠢᠮᠳᠠᠭᠤᠯᠤᠨ ᠵᠢᠯᠣᠭᠤᠳᠬᠤ ᠪᠠ ᠪᠠᠶᠢᠴᠠᠭᠠᠬᠤ ᠪᠠᠨ ᠴᠢᠩᠬᠠᠳᠬᠠᠬᠤ ᠬᠡᠷᠡᠭᠲᠡᠶ᠃ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠦᠨᠡᠨᠬᠦ ᠰᠠᠶᠢᠲᠤᠷ  ᠪᠠᠳᠠᠷᠠᠭᠤᠯᠵᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ  ᠵᠦᠢᠯ ᠤᠨ ᠪᠦᠲᠦᠭᠡᠨ  ᠪᠠᠶᠢᠭᠤᠯᠤᠯᠲᠠ ᠶᠢᠨ ᠢᠨᠵᠧᠨᠧᠷᠢᠩ ᠢ ᠤᠷᠤᠭᠰᠢᠲᠠᠶ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1