ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ 2020 ᠣᠨ ᠤ ᠰᠢᠨ᠎ᠡ ᠴᠡᠷᠢᠭ ᠢ  ᠲᠤᠰᠢᠶᠠᠨ ᠮᠣᠷᠳᠠᠭᠤᠯᠬᠤ ᠶᠡᠭᠡ ᠬᠤᠷᠠᠯ ᠢ ᠬᠤᠷᠠᠯᠳᠤᠭᠤᠯᠵᠤ 78 ᠰᠢᠨ᠎ᠡ ᠴᠡᠷᠢᠭ ᠴᠡᠷᠢᠭ ᠤᠨ ᠬᠤᠸᠠᠷᠠᠨ ᠳᠠᠭᠠᠨ ᠮᠣᠷᠳᠠᠪᠠ
ᠨᠡᠶᠢᠲᠡᠯᠡᠭᠰᠡᠨ ᠴᠠᠭ᠄
2020/9/23
   9 ᠰᠠᠷ᠎ᠠ ᠶᠢᠨ 10᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ 2020 ᠣᠨ ᠤ ᠰᠢᠨ᠎ᠡ ᠴᠡᠷᠢᠭ ᠢ ᠲᠤᠰᠢᠶᠠᠨ ᠮᠣᠷᠳᠠᠭᠤᠯᠬᠤ ᠶᠡᠭᠡ ᠬᠤᠷᠠᠯ ᠬᠢᠵᠦ᠂  ᠤᠳᠠᠯ ᠦᠭᠡᠢ ᠴᠡᠷᠢᠭ ᠤᠨ ᠬᠤᠸᠠᠷᠠᠨ ᠳᠠᠭᠠᠨ ᠮᠤᠷᠳᠠᠬᠤ 78 ᠰᠢᠯᠢᠳᠡᠭ ᠵᠠᠯᠠᠭᠤᠴᠤᠳ  ᠢᠶᠠᠨ ᠦᠳᠡᠨ ᠮᠣᠷᠳᠠᠭᠤᠯᠪᠠ᠃  ᠲᠤᠭᠤᠷᠢᠭ ᠤᠨ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂  ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠰᠢᠤᠢ ᠸᠧᠢ ᠦᠳᠡᠨ ᠮᠣᠷᠳᠠᠭᠤᠯᠬᠤ ᠶᠡᠭᠡ ᠬᠤᠷᠠᠯ ᠳᠤ ᠣᠷᠣᠯᠴᠠᠪᠠ᠃
   ᠦᠳᠡᠨ ᠮᠣᠷᠳᠠᠭᠤᠯᠬᠤ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠬᠥᠰᠢᠭᠡ ᠪᠠᠨ  ᠰᠡᠬᠦᠵᠦ᠂ ᠰᠢᠤᠢ ᠸᠧᠶ᠂ ᠴᠡᠷᠢᠭ ᠲᠣᠰᠬᠤ ᠴᠡᠷᠢᠭ ᠠᠩᠭᠢ ᠶᠢᠨ ᠤᠳᠤᠷᠢᠳᠤᠯᠭ᠎ᠠ ᠲᠠᠢ ᠪᠠᠨ ᠬᠠᠮᠲᠤ ᠰᠢᠨ᠎ᠡ ᠴᠡᠷᠢᠭ ᠲᠤ ᠢᠷᠠᠭᠤ  ᠠᠯᠳᠠᠷ ᠤᠨ ᠬᠤᠸᠠᠷ ᠴᠡᠴᠡᠭ ᠵᠡᠭᠦᠯᠭᠡᠪᠡ᠃ ᠰᠢᠨ᠎ᠡ ᠴᠡᠷᠢᠭ ᠤᠨ ᠲᠥᠯᠥᠭᠡᠯᠡᠭᠴᠢ᠂ ᠭᠡᠷ ᠤᠨ ᠠᠬᠠᠮᠠᠳ ᠤᠨ ᠲᠥᠯᠥᠭᠡᠯᠡᠭᠴᠢ᠂ ᠴᠡᠷᠢᠭ ᠳᠤᠰᠬᠤ ᠴᠡᠷᠢᠭ ᠠᠩᠭᠢ ᠶᠢᠨ ᠲᠥᠯᠥᠭᠡᠯᠡᠭᠴᠢ ᠤᠷᠢᠳ ᠬᠤᠵᠢᠳ ᠣᠪᠣᠷ ᠢᠶᠠᠨ ᠢᠯᠡᠳᠬᠡᠬᠦ ᠦᠭᠡ ᠬᠡᠯᠡᠪᠡ︔ ᠴᠡᠷᠢᠭ ᠡᠯᠰᠡᠬᠦ ᠪᠠ ᠬᠦᠯᠢᠶᠡᠨ ᠠᠪᠬᠤ ᠬᠤᠶᠠᠷ ᠲᠠᠯ᠎ᠠ ᠶᠢᠨ ᠤᠳᠤᠷᠢᠳᠤᠯᠭ᠎ᠠ ︽ᠰᠢᠨ᠎ᠡ ᠴᠡᠷᠢᠭ  ᠲᠤᠰᠢᠶᠠᠬᠤ ᠪᠠ ᠬᠦᠯᠢᠶᠡᠨ ᠠᠪᠬᠤ ᠨᠡᠷ᠎ᠡ ᠶᠢᠨ ᠳᠠᠩᠰᠠ︾ ᠳᠡᠭᠡᠷ᠎ᠡ ᠭᠠᠷ ᠤᠨ ᠦᠰᠦᠭ ᠵᠢᠷᠤᠵᠤ᠂  ᠬᠤᠶᠠᠷ ᠲᠠᠯ᠎ᠠ ᠶᠢᠨ ᠲᠥᠯᠥᠭᠡᠯᠡᠭᠴᠢᠳ ᠬᠠᠷᠢᠯᠴᠠᠨ ᠬᠡᠮᠡᠷᠯᠢᠭ ᠲᠤᠭ ᠬᠦᠷᠭᠡᠵᠡᠶ᠃
  ᠰᠢᠤᠢ ᠸᠧᠶ ᠬᠤᠷᠠᠯ ᠳᠡᠭᠡᠷ᠎ᠡ ᠶᠠᠷᠢᠶ᠎ᠠ ᠲᠠᠯᠪᠢᠵᠤ᠂  ᠰᠢᠨ᠎ᠡ ᠴᠡᠷᠢᠭ  ᠤᠳ ᠢᠷᠠᠭᠤ ᠠᠯᠳᠠᠷ ᠢᠶᠠᠨ ᠨᠠᠨᠳᠢᠩᠨᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠡᠷᠢᠭ ᠲᠤ ᠣᠷᠣᠬᠤ ᠲᠠᠩᠭᠠᠷᠢᠭ ᠎ ᠢᠶᠠᠨ ᠦᠢᠯᠡᠳᠦᠯᠭᠡᠵᠢᠭᠦᠯᠵᠦ᠂ ᠪᠡᠶ᠎ᠡ ᠪᠠᠨ ᠴᠢᠩᠭ᠎ᠠ  ᠱᠠᠭᠠᠷᠳᠠᠨ᠂ ᠰᠢᠷᠭᠠᠭᠤ  ᠬᠠᠲᠠᠭᠤᠵᠢᠯᠲᠠᠢ ᠪᠣᠯᠪᠠᠰᠤᠷᠠᠵᠤ᠂ ᠡᠷᠡᠰ ᠬᠠᠲᠠᠭᠤ ᠵᠣᠷᠢᠭ᠂ ᠡᠷᠬᠢᠮ  ᠳᠡᠭᠡᠳᠦ ᠵᠠᠩ ᠴᠢᠨᠠᠷ  ᠢ ᠳᠠᠪᠲᠠᠨ ᠪᠣᠯᠪᠠᠰᠤᠷᠠᠭᠤᠯᠵᠤ᠂ ᠥᠪᠡᠷ ᠢ ᠪᠠᠨ ᠡᠬᠡ ᠣ‌‍ᠷᠣᠨ ᠤ ᠪᠠᠨ ᠬᠡᠷᠡᠭᠴᠡᠭᠡ ᠲᠠᠢ ᠴᠢᠳᠠᠪᠤᠷᠢᠲᠠᠨ ᠪᠣᠯᠭᠠᠨ  ᠬᠦᠮᠦᠵᠢᠭᠳᠡᠵᠦ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠰᠢᠯᠢᠳᠡᠭ ᠪᠠᠶᠢᠯᠳᠤᠭᠴᠢ ᠪᠣᠯᠵᠤ᠂ ᠭᠠᠪᠢᠶ᠎ᠠ  ᠪᠠᠶᠢᠭᠤᠯᠤᠨ᠂ ᠨᠤᠲᠤᠭ ᠲᠠᠭᠠᠨ ᠢᠷᠠᠭᠤ ᠠᠯᠳᠠᠷ   ᠠᠪᠴᠢᠷᠠᠲᠤᠭᠠᠢ ᠭᠡᠵᠦ ᠤᠷᠢᠶᠠᠯᠠᠵᠠᠢ᠃ ︵ᠯᠢᠦ ᠱᠢ ᠸᠧᠶ   ᠯᠢᠦᠶ ᠸᠧᠶ︶
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1