| | 9 ᠰᠠᠷ᠎ᠠ ᠶᠢᠨ 10 ᠤ ᠡᠳᠦᠷ᠂ ᠶᠤᠸᠠᠨ ᠪᠦᠦ ᠱᠠᠨ ᠲᠣᠭᠤᠷᠢᠭ ︽ᠠᠯᠢ ᠴᠢᠳᠠᠬᠤ ᠪᠠᠷ ᠠᠷᠪᠢᠯᠠᠨ ᠭᠠᠮᠨᠠᠵᠤ᠂ | ᠢᠳᠡᠭᠡᠨ ᠤᠮᠳᠠᠭᠠᠨ ᠢ ᠪᠦᠷᠢᠯᠭᠡᠬᠦ ᠶᠢ ᠡᠰᠡᠷᠭᠦᠴᠡᠬᠦ︾ ᠰᠠᠭᠤᠳᠠᠯ ᠤᠨ ᠬᠤᠷᠠᠯ ᠬᠤᠷᠠᠯᠳᠤᠭᠤᠯᠵᠤ᠂ ᠡᠯ᠎ᠡ ᠪᠠᠯᠭᠠᠰᠤ | ᠰᠢᠶᠠᠩ ᠵᠡᠭᠡᠯᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠡᠰᠡᠭ ᠢᠳᠡᠭᠡᠨ ᠤᠮᠳᠠᠭᠠᠨ ᠤ | ᠠᠵᠢᠯ ᠲᠥᠷᠥᠯ ᠤᠨ ᠲᠥᠯᠥᠭᠡᠯᠡᠭᠴᠢ ᠬᠤᠷᠠᠯ ᠲᠤ ᠣᠷᠣᠯᠴᠠᠵᠠᠶ᠃ | ᠬᠤᠷᠠᠯ ᠳᠡᠭᠡᠷ᠎ᠡ᠂ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ | ᠪᠥᠬᠦᠶ ᠬᠠᠷᠢᠭᠤᠴᠠᠯᠭᠠᠲᠠᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠢᠳᠡᠭᠡᠨ ᠤᠮᠳᠠᠭᠠᠨ ᠪᠦᠷᠢᠯᠭᠡᠨ | ᠰᠦᠢᠳᠬᠡᠬᠦ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠤᠯᠠᠮᠵᠢᠯᠠᠭᠰᠠᠨ ᠪᠥᠭᠡᠳ ᠠᠵᠢᠯᠴᠢ ᠠᠷᠪᠢᠴᠢ ᠪᠠᠷ ᠠᠷᠪᠢᠯᠠᠨ ᠭᠠᠮᠨᠠᠵᠤ᠂ ᠱᠠᠮᠰᠢᠨ ᠪᠦᠷᠢᠯᠭᠡᠬᠦ ᠠᠵᠢᠯ ᠢ | ᠡᠰᠡᠷᠭᠦᠴᠡᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ︔ ᠬᠤᠷᠠᠯ ᠳᠤ ᠣᠷᠣᠯᠴᠠᠭᠰᠠᠳ ᠪᠠᠰᠠ ᠰᠠᠯᠠᠭ᠎ᠠ | ᠮᠥᠴᠢᠷ ᠤᠨ ᠪᠣᠳᠠᠲᠠᠶ ᠲᠠᠢ ᠤᠶᠠᠯᠳᠤᠭᠤᠯᠤᠨ᠂ ᠠᠷᠪᠢᠯᠠᠨ ᠭᠠᠮᠨᠠᠵᠤ᠂ ᠢᠳᠡᠭᠡᠨ ᠤᠮᠳᠠᠭᠠᠨ ᠤ ᠪᠦᠷᠢᠯᠭᠡᠬᠦ ᠶᠢ | ᠡᠰᠡᠷᠭᠦᠴᠡᠬᠦ ᠪᠣᠳᠠᠲᠠᠶ ᠠᠷᠭ᠎ᠠ ᠬᠡᠮᠵᠢᠶ᠎ᠡ ᠶᠢ ᠲᠠᠨᠢᠯᠴᠠᠭᠤᠯᠵᠠᠶ᠃ | ᠬᠤᠷᠠᠯ ᠠᠴᠠ ᠱᠠᠭᠠᠷᠳᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠠᠯᠢ | ᠴᠢᠳᠠᠬᠤ ᠪᠠᠷ ᠠᠷᠪᠢᠯᠠᠨ ᠭᠠᠮᠨᠠᠵᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ︾ ᠴᠢᠬᠤᠯᠠ | ᠠᠴᠢ ᠬᠤᠯᠪᠤᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠢᠳᠡᠭᠡᠨ | ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠳᠡᠭᠡᠷ᠎ᠡ | ᠦᠨᠡᠨ ᠬᠦ ᠨᠢᠭᠡᠳᠬᠡᠵᠦ᠂ ᠠᠷᠪᠢᠯᠠᠨ ᠭᠠᠮᠨᠠᠬᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ | ᠡᠰᠡᠷᠭᠦᠴᠡᠬᠦ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ᠂ ᠨᠡᠶᠢᠭᠡᠮ ᠵᠢᠷᠤᠮ ᠤᠨ | ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ ︽ | ᠳᠥᠷᠪᠡᠨ ᠤᠬᠠᠮᠰᠠᠷ︾ ᠢ ᠦᠢᠯᠡᠳᠦᠯᠭᠡᠵᠢᠭᠦᠯᠬᠦ᠂ ︽ᠳᠥᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ | ᠬᠠᠮᠠᠭᠠᠯᠠᠬᠤ︾ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ᠂ ᠬᠠᠷᠢᠭᠤᠴᠠᠯᠭᠠᠲᠤ | ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠤᠲᠠᠲᠠᠢ ᠪᠥᠭᠡᠳ | ᠰᠠᠶᠢᠲᠤᠷ ᠠᠳᠬᠤᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠠᠷᠪᠢᠯᠠᠨ ᠭᠠᠮᠨᠠᠬᠤ᠂ ᠢᠳᠡᠭᠡᠨ | ᠤᠮᠳᠠᠭᠠᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠶᠢ ᠪᠣᠳᠠᠲᠠᠶ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠵᠤ᠂ | ᠪᠠᠶᠢᠭᠤᠯᠭ᠎ᠠ ᠨᠢᠭᠡᠴᠢ ᠶᠢᠨ ᠬᠤᠭᠤᠯᠠ ᠢᠳᠡᠬᠦ᠂ ᠰᠤᠷᠤᠭᠴᠢᠳ ᠤᠨ ᠪᠣᠯᠪᠠᠰᠤᠨ ᠢᠶᠠᠷ ᠬᠤᠭᠤᠯᠠᠯᠠᠬᠤ᠂ ᠨᠡᠶᠢᠭᠡᠮ ᠤᠨ | ᠢᠳᠡᠭᠡᠨ ᠤᠮᠳᠠᠭᠠᠨ ᠤ ᠦᠢᠯᠡᠰ ᠤᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠶ᠃ | ︽ ᠫᠢᠯᠠ ᠬᠤᠭᠤᠰᠤᠯᠠᠬᠤ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ ︽ᠬᠡᠯᠡᠨ ᠳᠡᠭᠡᠷᠡᠬᠢ ᠪᠦᠷᠢᠯᠭᠡᠨ | ᠰᠦᠢᠳᠬᠡᠬᠦ︾ ᠶᠢ ᠲᠠᠰᠤ ᠵᠣᠭᠰᠣᠭᠠᠵᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ | ᠰᠦᠶ᠋ᠳᠬᠡᠬᠦ ᠶᠢ ᠡᠰᠡᠷᠭᠦᠴᠡᠬᠦ ᠶᠠᠪᠤᠳᠠᠯ ᠢ ᠨᠡᠶᠢᠭᠡᠮ ᠳᠠᠶᠠᠭᠠᠷ ᠤᠨ ᠬᠡᠪ ᠰᠤᠷᠲᠠᠯ ᠪᠤᠯᠭᠠᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠬᠠᠭᠤᠯᠭ᠎ᠠ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠶᠢ ᠠᠬᠢᠭᠤᠯᠵᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ | ᠬᠤᠷᠢᠭᠯᠠᠬᠤ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ | ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠢᠯᠢᠳᠡᠭ ᠵᠠᠩ ᠰᠤᠷᠲᠠᠯ ᠢ ᠥᠷᠭᠡᠨ ᠢᠶᠠᠷ ᠤᠬᠠᠭᠤᠯᠵᠤ᠂ ᠠᠷᠪᠢᠯᠠᠨ | ᠭᠠᠮᠨᠠᠬᠤ ᠲᠤᠷᠰᠢᠯᠭ᠎ᠠ ᠠᠷᠭ᠎ᠠ ᠪᠣᠯᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠳᠡᠯᠭᠡᠷᠡᠭᠦᠯᠵᠦ᠂ ᠵᠦᠶ ᠵᠣᠬᠢᠰᠲᠠᠶ | ᠡᠷᠡᠭᠦᠯ ᠢᠳᠡᠭᠡᠨ ᠤᠮᠳᠠᠭᠠᠨ ᠤ ᠰᠣᠶᠣᠯ ᠢ ᠰᠠᠨᠠᠭᠠᠴᠢᠯᠠᠨ᠎ᠠ᠃ | ᠬᠤᠷᠠᠯ ᠳᠤ ᠣᠷᠣᠯᠴᠠᠭᠰᠠᠳ ᠢᠯᠡᠷᠬᠡᠶᠢᠯᠡᠭᠰᠡᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠤᠬᠠᠮᠰᠠᠷ ᠠᠴᠠ ᠪᠠᠨ | ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠤᠢᠢᠯᠠᠭᠠᠭᠳᠠᠬᠤᠨ ᠢ | ᠰᠡᠳᠬᠢᠯ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ ᠳᠠᠭᠠᠨ ᠠᠭᠤᠰᠬᠠᠨ᠎ᠠ᠃ ᠤᠷᠲᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠦᠨ᠂ ᠪᠦᠷᠢᠯᠭᠡᠨ | ᠰᠦᠢᠳᠬᠡᠬᠦ ᠶᠢ ᠬᠤᠷᠢᠭᠯᠠᠨ ᠵᠣᠭᠰᠣᠭᠠᠬᠤ ᠶᠢ ᠪᠠᠶᠢᠩᠭᠤ ᠠᠳᠬᠤᠵᠤ᠂ ᠪᠣᠳᠠᠲᠠᠶ ᠭᠠᠵᠠᠷ ᠲᠤᠨᠢ | ᠨᠠᠶᠢᠳᠠᠪᠤᠷᠢᠵᠢᠭᠤᠯᠤᠨ᠎ᠠ ᠭᠡᠵᠡᠢ᠃ | ︵ᠯᠢᠦᠶ ᠸᠧᠶ ᠭᠤᠤ ᠹᠸᠢ︶ |