| | | 9 ᠰᠠᠷ᠎ᠠ ᠶᠢᠨ 20 ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ | ᠲᠤᠭᠤᠷᠢᠭ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠠᠴᠠ ᠭᠤᠤᠯᠯᠠᠨ ᠡᠷᠭᠢᠯᠡᠭᠰᠡᠨ | ᠠᠷᠪᠠᠨ ᠨᠢᠭᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ︾ | ᠤᠨ ᠠᠵᠢᠯᠯᠠᠭ᠎ᠠ ᠶᠢ ᠫᠢᠩᠵᠤᠸᠠᠩ ᠤᠨ ᠶᠢᠨ ᠾᠧ ᠠᠭᠤᠳᠠᠮ ᠲᠠᠯᠠᠪᠠᠶ ᠳᠤ ᠶᠠᠪᠤᠭᠳᠠᠪᠠ᠃ | ᠲᠤᠰ ᠤᠳᠠᠭᠠᠨ ᠤ ᠠᠵᠢᠯᠯᠠᠭ᠎ᠠ ᠨᠢ ︽ ᠤᠯᠤᠰ ᠤᠨ ᠬᠦᠮᠦᠨ ᠠᠮᠠ ᠶᠢᠨ ᠨᠡᠷᠡᠰ ᠤᠨ ᠪᠦᠷᠢᠳᠬᠡᠯ ᠳᠤ ᠬᠡᠨ ᠴᠦ | ᠳᠤᠲᠠᠭᠳᠠᠵᠤ ᠪᠣᠯᠬᠤ ᠦᠭᠡᠢ︾ ᠭᠡᠳᠡᠭ ᠭᠤᠣᠯ ᠰᠡᠳᠦᠪ ᠪᠤᠯᠭᠠᠵᠤ᠂ ᠤᠬᠠᠭᠤᠯᠬᠤ ᠮᠠᠲ᠋ᠧᠷᠢᠶᠠᠯ ᠲᠠᠷᠬᠠᠭᠠᠬᠤ ᠂ | ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠭᠠᠷᠭᠠᠬᠤ ᠪᠠᠷ ᠳᠠᠮᠵᠢᠭᠤᠯᠵᠤ᠂ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ᠂ ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ | ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠤᠨ ᠠᠯᠪᠠᠨ ᠵᠠᠷ ︵2020︶ 3 ᠳ᠋ᠤᠭᠠᠷ ᠲᠣᠭᠠᠲᠤ᠂ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠬᠠᠮᠢᠶ᠎ᠠ ᠪᠦᠬᠦᠢ ᠮᠡᠳᠡᠯᠭᠡ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢ ᠬᠡᠷᠡᠭᠵᠢᠭᠦᠯᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠷᠭᠡᠨ ᠢᠶᠠᠷ ᠤᠬᠠᠭᠤᠯᠵᠤ᠂ | ᠲᠤᠬᠠᠶ ᠶᠢᠨ ᠲᠠᠯᠠᠪᠠᠶ ᠶᠢᠨ ᠯᠠᠪᠯᠠᠯᠭ᠎ᠠ ᠶᠢ ᠬᠦᠯᠢᠶᠡᠨ ᠠᠪᠬᠤ ᠵᠡᠷᠭᠡ ᠬᠡᠯᠪᠡᠷᠢ ᠪᠠᠷ᠂ ᠥᠷᠭᠡᠨ ᠣᠯᠠᠨ ᠲᠦᠮᠡᠨ ᠳᠤ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠮᠡᠳᠡᠯᠭᠡ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ | ᠲᠣᠭᠲᠠᠭᠠᠯ ᠤᠨ ᠮᠡᠳᠡᠯᠭᠡ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠵᠡᠷᠭᠡ | ᠠᠭᠤᠯᠭ᠎ᠠ ᠶᠢ ᠲᠠᠨᠢᠯᠴᠠᠭᠤᠯᠤᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 12 ᠤᠬᠠᠭᠤᠯᠭ᠎ᠠ ᠶᠢᠨ ᠰᠠᠮᠪᠠᠷ᠎ᠠ | ᠲᠣᠬᠢᠷᠠᠭᠤᠯᠵᠤ᠂ ᠡᠯᠭᠦᠭᠡ ᠪᠢᠴᠢᠭᠡᠰᠦ 16 ᠪᠠᠶᠢᠵᠤ᠂ ᠤᠬᠠᠭᠤᠯᠬᠤ ᠮᠠᠲ᠋ᠧᠷᠢᠶᠠᠯ ᠢ 4000 ᠭᠠᠷᠤᠶ ᠬᠤᠪᠢ | ᠲᠠᠷᠬᠠᠭᠠᠪᠠ᠃ ᠡᠨᠡ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ᠂ ᠥᠷᠭᠡᠨ ᠣᠯᠠᠨ ᠲᠦᠮᠡᠨ ᠳᠤ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠴᠢᠨᠠᠷ ᠢ ᠤᠯᠠᠮ ᠨᠢᠭᠡ ᠠᠯᠬᠤᠮ ᠲᠠᠨᠢᠭᠤᠯᠵᠤ᠂ ᠨᠡᠶᠢᠳᠡᠮ | ᠪᠠᠶᠢᠴᠠᠭᠠᠯᠲᠠ ᠶᠢᠨ ᠠᠵᠢᠯ ᠳᠤ ᠨᠡᠩ ᠰᠠᠶᠢᠲᠤᠷ ᠬᠠᠮᠵᠢᠯᠴᠠᠨ᠂ ᠶᠤᠸᠠᠨ ᠪᠦᠦ ᠱᠠᠨ ᠲᠣᠭᠤᠷᠢᠭ ᠤᠨ ᠳᠣᠯᠣᠳᠤᠭᠠᠷ | ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠰᠠᠶᠢᠨ ᠰᠠᠭᠤᠷᠢ ᠲᠠᠯᠪᠢᠵᠤ ᠥᠭᠴᠡᠶ᠃ |