2020 ᠣᠨ ᠤ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠴᠢᠳᠠᠪᠤᠷᠢᠲᠠᠨ ᠢᠶᠠᠷ ᠣᠷᠣᠭᠤᠯᠤᠨ ᠠᠪᠴᠢᠷᠠᠭᠰᠠᠨ ᠪᠠᠭᠰᠢ  ᠵᠢᠴᠢ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠤᠷᠢᠨ ᠬᠡᠷᠡᠭᠯᠡᠬᠦ ᠪᠠᠷ ᠪᠠᠶᠢᠭ᠎ᠠ  ᠪᠠᠭᠰᠢ ᠶᠢ ᠢᠯᠡ ᠪᠠᠷ ᠨᠡᠶᠢᠲᠡᠯᠡᠬᠦ ᠠᠯᠪᠠᠨ ᠵᠠᠷ
ᠨᠡᠶᠢᠲᠡᠯᠡᠭᠰᠡᠨ ᠴᠠᠭ᠄
2020/9/23
  ︽ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠠᠭᠰᠢ ᠶᠢᠨ ᠲᠥᠷᠥᠯ ᠤᠨ 2020 ᠣᠨ  ᠳᠤ ᠲᠡᠭᠦᠰᠬᠦ ᠠᠰᠫᠢᠷᠠᠨᠲ ᠵᠢᠴᠢ ᠰᠤᠷᠭᠠᠨ ᠬᠥᠮᠦᠵᠢᠯ ᠤᠨ ᠶᠠᠮᠤᠨ ᠤ ᠵᠢᠷᠭᠤᠭᠠᠨ ᠳᠡᠭᠡᠳᠦ ᠰᠤᠷᠭᠠᠭᠤᠯᠢ ᠶᠢᠨ  ᠰᠦᠢᠳᠬᠡᠯ ᠬᠤᠷᠢᠶᠠᠬᠤ ᠥᠬᠡᠶ ᠪᠠᠭᠰᠢ ᠶᠢᠨ ᠰᠤᠷᠭᠠᠭᠤᠯᠢ ᠶᠢᠨ ᠰᠣᠷᠣᠭᠴᠢ ᠶᠢ ᠣᠷᠣᠭᠤᠯᠤᠨ ᠠᠪᠴᠢᠷᠠᠬᠤ ᠬᠡᠷᠡᠭᠵᠢᠭᠦᠯᠬᠦ ᠲᠥᠰᠦᠯ︾ ᠵᠢᠴᠢ ︽2020 ᠣᠨ ᠤ ᠤᠯᠠᠭᠠᠨᠬᠠᠳᠠ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠤᠨ  ᠴᠡᠴᠡᠷᠯᠢᠭ ᠤᠨ ᠢᠯᠡ ᠪᠠᠷ ᠠᠵᠢᠯᠲᠠᠨ ᠡᠯᠰᠡᠬᠦ ᠲᠣᠪᠴᠢ ᠲᠦᠷᠢᠮ︾᠎ ᠤᠨ ᠱᠠᠭᠠᠷᠳᠠᠯᠭ᠎ᠠ ᠎ ᠪᠠᠷ᠂ 2020 ᠣᠨ ᠳᠤ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠴᠢᠳᠠᠪᠤᠷᠢᠲᠠᠨ  ᠢᠶᠠᠷ ᠤᠷᠢᠵᠤ ᠠᠪᠴᠢᠷᠠᠭᠰᠠᠨ  ᠪᠠᠭᠰᠢ ᠵᠢᠴᠢ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠪᠢᠷ ᠤᠨ ᠰᠢᠯᠭᠠᠯᠲᠠ᠂ ᠨᠢᠭᠤᠷᠲᠠᠨ ᠰᠢᠯᠭᠠᠯᠲᠠ᠂ ᠪᠡᠶ᠎ᠡ ᠶᠢᠨ ᠪᠠᠶᠢᠴᠠᠭᠠᠯᠲᠠ᠂ ᠰᠢᠯᠭᠠᠨ ᠬᠢᠨᠠᠬᠤ ᠠᠵᠢᠯ ᠨᠢᠭᠡᠨᠲᠡ ᠳᠠᠭᠤᠰᠪᠠ᠃ 2020 ᠣᠨ ᠳᠤ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠤᠷᠢᠨ ᠬᠡᠷᠡᠭᠯᠡᠬᠦ ᠠᠵᠢᠯᠲᠠᠨ ᠨᠡᠶᠢᠲᠡ 86 ᠬᠥᠮᠦᠨ ︵ᠳᠠᠭᠠᠯᠳᠤᠭᠤᠯᠤᠯ ᠳᠤ ᠨᠠᠷᠢᠨ ᠦᠵᠡᠭᠡᠷᠡᠶ︶ ᠡᠭᠦᠨ ᠳᠤ ᠴᠢᠳᠠᠪᠤᠷᠢᠲᠠᠨ ᠢᠶᠠᠷ ᠣᠷᠣᠭᠤᠯᠤᠨ ᠠᠪᠴᠢᠷᠠᠭᠰᠠᠨ 13 ᠪᠠᠭᠰᠢ᠂ ᠪᠦᠬᠦ ᠬᠤᠲᠠ ᠳᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ 73 ᠬᠥᠮᠦᠨ ᠢ ᠢᠯᠡ ᠪᠠᠷ ᠡᠯᠰᠡᠵᠦ᠂ ᠣᠳᠣ ᠵᠠᠷᠯᠠᠨ ᠨᠡᠶᠢᠲᠡᠯᠡᠶ᠎ᠡ᠃ ᠢᠯᠡ ᠨᠡᠶᠢᠲᠡᠯᠡᠬᠦ ᠬᠤᠭᠤᠴᠠᠭᠠᠨ ᠳᠤ ᠨᠢᠭᠡᠴᠡ ᠪᠣᠯᠤᠨ ᠬᠤᠪᠢ ᠬᠥᠮᠦᠨ ᠴᠥᠮ  ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠠᠮᠵᠢᠭᠤᠯᠤᠨ ᠢᠯᠡ ᠨᠡᠶᠢᠲᠡᠯᠡᠬᠦ ᠡᠲᠡᠭᠡᠳ ᠤᠨ ᠬᠤᠯᠪᠣᠭᠳᠠᠯ ᠪᠦᠬᠦᠢ  ᠪᠠᠶᠢᠳᠠᠯ ᠪᠣᠯᠤᠨ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠳᠤ ᠪᠠᠶᠢᠴᠠᠭᠠᠵᠤ ᠪᠣᠯᠬᠤ ᠭᠡᠷᠡᠴᠢᠯᠡᠭᠴᠢ ᠵᠢᠴᠢ ᠪᠤᠰᠤᠳ ᠬᠤᠯᠪᠣᠭᠳᠠᠯ ᠪᠦᠬᠦᠢ ᠰᠦᠪᠡᠭᠴᠢ ᠬᠠᠩᠭᠠᠬᠤ ᠬᠡᠷᠡᠭᠲᠡᠶ᠃ ᠠᠰᠠᠭᠤᠳᠠᠯ ᠢ ᠲᠤᠰᠬᠠᠭᠰᠠᠨ ᠪᠠ ᠲᠤᠰᠬᠠᠭᠰᠠᠨ ᠠᠰᠠᠭᠤᠳᠠᠯ ᠤᠨ ᠨᠢᠭᠤᠴᠠ ᠶᠢ ᠴᠢᠩᠭ᠎ᠠ ᠬᠠᠮᠠᠭᠠᠯᠠᠨ᠎ᠠ᠃    ᠢᠯᠡ ᠨᠡᠶᠢᠲᠡᠯᠡᠬᠦ ᠴᠠᠭ᠄ 2020 ᠣᠨ ᠤ 9 ᠳ᠋ᠦᠭᠡᠷ ᠰᠠᠷ᠎ᠠ ᠶᠢᠨ 17᠎ ᠤ ᠡᠳᠦᠷ ᠠᠴᠠ 2020 ᠣᠨ ᠤ 9 ᠳ᠋ᠦᠭᠡᠷ ᠰᠠᠷ ᠎ᠠ ᠶᠢᠨ 23᠎ ᠤ ᠡᠳᠦᠷ ᠪᠣᠯᠲᠠᠯ᠎ᠠ᠃    ᠤᠲᠠᠰᠤ᠄ 0476-3510421    ᠳᠠᠭᠠᠯᠳᠤᠭᠤᠯᠤᠯ᠄2020年赤峰市元宝山区人才引进教师及全市公开招聘中小学教师拟聘用人员名单 .xlsx        ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ                                 2020 ᠣᠨ ᠤ 9 ᠰᠠᠷ᠎ᠠ ᠶᠢᠨ 17᠎ ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1