ᠸᠠᠩ ᠶᠦᠩ ᠠᠵᠢᠯ  ᠤᠨ ᠲᠣᠬᠢᠷᠠᠭᠤᠯᠤᠯᠲᠠ ᠶᠢᠨ ᠬᠤᠷᠠᠯ ᠢ  ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/23
ᠸᠠᠩ ᠶᠦᠩ ᠶᠤᠸᠠᠨ ᠪᠦᠦ ᠱᠠᠨ ᠲᠣᠭᠤᠷᠢᠭ ᠤᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ  ᠵᠦᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠷᠪᠠᠳᠤᠭᠠᠷ ᠤᠳᠠᠭ᠎ᠠ ᠶᠢᠨ ᠬᠤᠷᠠᠯ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ  ᠤᠨ ᠲᠣᠬᠢᠷᠠᠭᠤᠯᠤᠯᠲᠠ ᠶᠢᠨ ᠬᠤᠷᠠᠯ ᠢ  ᠡᠷᠬᠢᠯᠡᠨ ᠬᠤᠷᠠᠯᠳᠤᠭᠤᠯᠪᠠ   9 ᠰᠠᠷ᠎ᠠ ᠶᠢᠨ 11᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠶᠦᠩ ᠲᠣᠭᠤᠷᠢᠭ ᠤᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠤᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠷᠪᠠᠳᠤᠭᠠᠷ ᠤᠳᠠᠭᠠᠨ ᠤ ᠬᠤᠷᠠᠯ ᠵᠢᠴᠢ ᠲᠣᠭᠤᠷᠢᠨ ᠪᠠᠶᠢᠴᠠᠭᠠᠬᠤ  ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠣᠭᠤᠷᠢᠭ ᠤᠨ ᠤᠳᠤᠷᠢᠳᠤᠯᠭ᠎ᠠ ᠼᠤᠤ ᡁᠢ ᠶᠦᠩ᠂ ᠵᠦᠩ ᠴᠢᠩ ᠰᠦᠩ᠂ ᠯᠢ ᠺᠠᠶ᠂ ᠶᠢᠨ ᠶᠠᠨ ᠴᠧᠨ᠂ ᠵᠧᠤ ᠵᠠᠨ ᠯᠢ᠂ ᠴᠦ᠋ ᠬᠠᠶ  ᠪᠦᠸᠧ᠂ ᠵᠠᠩ ᠸᠧᠨ ᠺᠠᠶ᠂ ᠹᠦ᠋ ᠰᠢᠤ ᠬᠤᠢ᠂ ᠭᠠᠶ ᠰᠢᠩ ᠳ᠋ᠦᠩ᠂ ᠰᠦᠩ ᡁᠢ ᠰᠢᠤᠸᠠᠢ ᠬᠤᠷᠠᠯ ᠳᠤ ᠣᠷᠣᠯᠴᠠᠵᠠᠶ᠃ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠡᠯ᠎ᠡ ᠪᠠᠯᠭᠠᠰᠤ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
   ᠬᠤᠷᠠᠯ ᠠᠴᠠ ᠬᠤᠲᠠ ᠶᠢᠨ ᠭᠤᠤᠯ ᠴᠣᠭᠴᠠ ᠶᠢᠨ ᠠᠯᠪᠠᠨ ᠭᠡᠷ ᠤᠨ ︽ᠮᠠᠨ ᠤ ᠬᠤᠲᠠ ᠶᠢᠨ ᠨᠡᠭᠦᠷᠡᠰᠦᠨ ᠤ ᠡᠬᠢ  ᠪᠠᠶᠠᠯᠢᠭ ᠤᠨ ᠬᠦᠷᠢᠶ᠎ᠡ  ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ  ᠵᠠᠰᠠᠬᠤ ᠶᠢ ᠬᠤᠷᠢᠶᠠᠩᠭᠤᠶᠢᠯᠠᠨ ᠬᠢᠨᠠᠨ ᠪᠠᠶᠢᠴᠠᠭᠠᠬᠤ ᠱᠠᠲᠤᠨ ᠳᠤ ᠢᠯᠡᠷᠡᠭᠦᠯᠦᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠮᠡᠳᠡᠭᠳᠡᠯ︾᠎ ᠢ ᠤᠯᠠᠮᠵᠢᠯᠠᠨ ᠰᠤᠷᠤᠯᠴᠠᠪᠠ︔ ︽ᠬᠤᠶᠠᠳᠤᠭᠠᠷ ᠪᠦᠯᠦᠭ  ᠨᠣᠮᠧᠷ ᠢ ᠨᠢ ᠬᠦᠴᠦᠨ ᠦᠭᠡᠢ  ᠪᠤᠯᠭᠠᠨ ᠰᠢᠢᠳᠪᠦᠷᠢᠯᠡᠬᠦ ᠠᠰᠠᠭᠤᠳᠠᠯ ᠤᠨ ᠲᠤᠬᠠᠢ ᠰᠠᠨᠠᠭᠤᠯᠭ᠎ᠠ  ᠶᠢᠨ  ᠮᠡᠳᠡᠭᠦᠯᠦᠯᠲᠡ︾᠎ ᠶᠢ ᠬᠢᠨᠠᠨ ᠶᠠᠷᠢᠯᠴᠠᠪᠠ︔ ᠲᠣᠭᠤᠷᠢᠨ  ᠪᠠᠶᠢᠴᠠᠭᠠᠭᠰᠠᠨ ᠵᠢᠴᠢ ᠬᠠᠷᠭᠤᠭᠤᠯᠤᠨ  ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠴᠡᠭᠴᠡᠯᠡᠨ  ᠰᠠᠶᠢᠵᠢᠷᠠᠭᠤᠯᠵᠤ ᠨᠣᠮᠧᠷ ᠢ ᠨᠢ ᠬᠠᠰᠤᠭᠰᠠᠨ ᠠᠰᠠᠭᠤᠳᠠᠯ ᠢ ᠵᠠᠪᠠᠯ ᠱᠠᠲᠤ ᠱᠠᠲᠤ ᠪᠠᠷ ᠴᠢᠩᠭ᠎ᠠ ᠠᠳᠬᠤᠵᠤ᠂ ᠡᠯ᠎ᠡ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠤ ᠨᠢᠭᠡᠴᠡ ᠨᠢ  ᠳᠡᠭᠡᠳᠦ ᠱᠠᠲᠤᠨ ᠤ ᠬᠠᠮᠢᠶ᠎ᠠ ᠪᠦᠬᠦᠢ ᠠᠵᠢᠯ  ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠨᠤᠲᠠᠯᠠᠬᠤ᠂ ᠰᠢᠮᠳᠠᠭᠤᠯᠤᠨ ᠪᠠᠶᠢᠴᠠᠭᠠᠬᠤ  ᠳᠤᠭᠤᠶᠢᠯᠠᠩ ᠵᠢᠴᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢᠨ ᠬᠢᠨᠠᠨ ᠵᠥᠪᠯᠡᠬᠦ ᠴᠤᠪᠤᠷᠠᠯ ᠤᠨ ᠶᠣᠰᠣᠭᠠᠷ  ᠬᠡᠷᠡᠭᠵᠢᠭᠦᠯᠬᠦ ᠬᠡᠷᠡᠭᠲᠡᠶ᠃ ᠱᠠᠲᠤ ᠳᠠᠪᠬᠤᠷᠭ᠎ᠠ ᠨᠢᠭᠡᠪᠦᠷᠢ ᠴᠥᠮ ᠦᠨᠡᠨ ᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠂ ᠢᠯᠠᠩᠭᠤᠶ᠎ᠠ ᠲᠦᠷᠦᠭᠦᠯᠡᠨ ᠤᠳᠤᠷᠢᠳᠬᠤ ᠪᠠ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠨᠢ ᠠᠰᠠᠭᠤᠳᠠᠯ ᠢ  ᠴᠡᠭᠴᠡᠯᠡᠨ ᠰᠠᠶᠢᠵᠢᠷᠠᠭᠤᠯᠬᠤ ᠪᠦᠬᠦ ᠶᠠᠪᠤᠴᠠ ᠳᠤ ᠬᠠᠷᠢᠭᠤᠴᠠᠬᠤ ᠬᠡᠷᠡᠭᠲᠡᠶ᠂ ᠴᠡᠭᠴᠡᠯᠡᠨ ᠰᠠᠶᠢᠵᠢᠷᠠᠭᠤᠯᠤᠭᠰᠠᠨ ᠡᠴᠦᠰ ᠤᠨ ᠦᠷ᠎ᠡ ᠳ᠋ᠦᠩ ᠳᠤ ᠬᠠᠷᠢᠭᠤᠴᠠᠬᠤ ᠬᠡᠷᠡᠭᠲᠡᠶ᠃ ᠬᠠᠷᠠᠬᠠᠨ ᠳᠠᠭᠤᠰᠤᠭᠠᠳᠤᠶ ᠠᠵᠢᠯ ᠢ ᠴᠠᠭ ᠢ ᠠᠮᠵᠢᠨ ᠪᠠᠶᠢᠴᠠᠭᠠᠵᠤ ᠳᠤᠲᠠᠭᠳᠠᠯ ᠢᠶᠠᠨ ᠨᠥᠬᠦᠪᠥᠷᠢᠯᠡᠨ᠂ ᠵᠢᠩᠬᠢᠨᠢ  ᠪᠠᠷ ᠴᠡᠭᠴᠡᠯᠡᠨ  ᠰᠠᠶᠢᠵᠢᠷᠠᠭᠤᠯᠵᠤ ᠰᠡᠭᠦᠯ ᠬᠤᠷᠢᠶᠠᠬᠤ ᠬᠡᠷᠡᠭᠲᠡᠢ  ᠃
   ᠬᠤᠷᠠᠯ ᠠᠴᠠ ᠱᠠᠭᠠᠷᠳᠠᠭᠰᠠᠨ ᠨᠢ᠂ ᠡᠯ᠎ᠡ ᠳᠠᠭᠠᠭᠠᠴᠢᠯᠠᠨ ᠬᠤᠯᠪᠣᠭᠠᠯᠠᠬᠤ ᠪᠠᠶᠢᠩᠭᠤ ᠶᠢᠨ ᠭᠡᠰᠢᠭᠦᠨ᠂ ᠡᠯ᠎ᠡ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠲᠦᠷᠦᠭᠦᠯᠡᠬᠦ ᠰᠠᠯᠠᠭ᠎ᠠ ᠮᠥᠴᠢᠷ ᠠᠵᠢᠯ ᠤᠨ  ᠬᠠᠲᠠᠭᠤ ᠴᠢᠩᠭ᠎ᠠ ᠴᠢᠨᠠᠷ᠂ ᠲᠤᠯᠭᠠᠮ᠎ᠠ ᠴᠢᠨᠠᠷ  ᠢ ᠰᠡᠷᠭᠡᠭ ᠢᠶᠠᠷ ᠲᠠᠨᠢᠵᠤ᠂ ᠠᠬᠢᠴᠠ ᠶᠢ ᠲᠦᠷᠭᠡᠳᠬᠡᠬᠦ ᠳᠤ ᠨᠢᠭᠡᠨᠲᠡ ᠲᠣᠭᠲᠠᠭᠰᠠᠨ ᠡᠭᠦᠷᠭᠡ ᠶᠢᠨ ᠨᠠᠷᠢᠨ ᠬᠠᠭᠤᠳᠠᠰᠤ᠂ ᠴᠠᠭ  ᠤᠨ ᠳᠠᠷᠠᠭᠠᠯᠠᠯ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠥᠭᠡᠳ ᠪᠣᠳᠠᠲᠠᠶ  ᠪᠡᠶᠡᠯᠡᠭᠦᠯᠬᠦ ᠬᠡᠷᠡᠭᠲᠡᠢ᠃ ᠡᠯ᠎ᠡ ᠳᠠᠭᠠᠭᠠᠴᠢᠯᠠᠨ ᠬᠤᠯᠪᠣᠭᠠᠯᠠᠬᠤ ᠪᠠᠶᠢᠩᠭᠤ ᠶᠢᠨ ᠭᠡᠰᠢᠭᠦᠳ ᠲᠦᠷᠦᠭᠦᠯᠡᠨ ᠬᠠᠷᠢᠭᠤᠴᠠᠯᠭ᠎ᠠ ᠪᠠ ᠡᠭᠦᠷᠭᠡᠯᠡᠯ  ᠢ ᠡᠭᠦᠷᠭᠡᠯᠡᠵᠦ᠂  ᠴᠢᠩᠭ᠎ᠠ ᠨᠢᠮᠪᠠᠶ ᠰᠢᠮᠳᠠᠭᠤᠯᠤᠨ ᠪᠠᠶᠢᠴᠠᠭᠠᠵᠤ᠂  ᠮᠡᠳᠡᠪᠡᠯ ᠵᠣᠬᠢᠬᠤ ᠪᠠᠶᠢᠳᠠᠯ ᠢ ᠴᠠᠭ  ᠲᠤᠬᠠᠢ ᠳᠤᠨᠢ ᠢᠯᠡᠷᠡᠭᠦᠯᠵᠦ᠂ ᠪᠣᠳᠠᠲᠠᠶᠢᠵᠢᠭᠤᠯᠬᠤ ᠶᠣᠰᠣᠲᠠᠶ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂  ᠰᠢᠢᠳᠪᠦᠷᠢᠯᠡᠬᠦ ᠶᠣᠰᠣᠲᠠᠶ ᠠᠰᠠᠭᠤᠳᠠᠯ ᠢ ᠭᠠᠷᠳᠠᠨ  ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ︔ ᠡᠯ᠎ᠡ  ᠬᠤᠪᠢᠳᠠᠨ ᠬᠠᠮᠢᠶᠠᠷᠬᠤ ᠤᠳᠤᠷᠢᠳᠤᠯᠭ᠎ᠠ ᠲᠦᠷᠦᠭᠦᠯᠡᠨ ᠠᠳᠬᠤᠬᠤ ᠶᠡᠷᠦᠩᠬᠡᠶ ᠬᠠᠷᠢᠭᠤᠴᠠᠯᠭ᠎ᠠ ᠪᠠᠨ ᠦᠨᠡᠨᠬᠦ ᠰᠠᠶᠢᠲᠤᠷ  ᠭᠦᠢᠴᠡᠳᠬᠡᠵᠦ᠂ ᠬᠠᠷᠢᠭᠤᠴᠠᠵᠤ  ᠪᠠᠶᠢᠭ᠎ᠠ ᠠᠰᠠᠭᠤᠳᠠᠯ ᠨᠢᠭᠡᠪᠦᠷᠢ᠂ ᠠᠷᠭ᠎ᠠ ᠬᠡᠮᠵᠢᠶ᠎ᠡ ᠨᠢᠭᠡᠪᠦᠷᠢ ᠶᠢ ᠵᠦᠢᠯ ᠵᠤᠷᠪᠤᠰ ᠳᠠᠷᠠᠭᠠᠯᠠᠨ ᠴᠢᠩᠭ᠎ᠠ ᠠᠳᠬᠤᠵᠤ᠂ ᠴᠠᠭ  ᠤᠨ ᠬᠢᠵᠠᠭᠠᠷ ᠢ  ᠴᠢᠩᠭ᠎ᠠ ᠡᠵᠡᠮᠳᠡᠵᠦ᠂ ᠬᠠᠷᠠᠯᠲᠠ ᠶᠢᠨ ᠤᠳᠤᠷᠢᠳᠤᠮᠵᠢ᠂ ᠦᠷ᠎ᠡ ᠳ᠋ᠦᠩ ᠤᠨ ᠤᠳᠤᠷᠢᠳᠤᠮᠵᠢ ᠶᠢ ᠡᠷᠡᠰ ᠳᠣᠪᠤᠶᠢᠯᠭᠠᠵᠤ᠂ ᠵᠣᠷᠢᠯᠭ᠎ᠠ ᠳᠠᠭᠠᠨ ᠬᠥᠷᠬᠦ ᠥᠬᠡᠶ ᠪᠣᠯ ᠶᠠᠭᠠᠬᠢᠭᠰᠠᠨ ᠴᠤ ᠴᠡᠷᠢᠭ ᠢᠶᠠᠨ ᠲᠠᠲᠠᠬᠤ ᠥᠬᠡᠶ︔ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠨᠡᠭᠦᠷᠡᠰᠦ ᠳᠤ ᠬᠤᠯᠪᠣᠭᠳᠠᠭᠰᠠᠨ ᠡᠯ᠎ᠡ ᠪᠠᠯᠭᠠᠰᠤ ᠡᠭᠦᠷᠭᠡ  ᠲᠤᠰᠢᠶᠠᠯ ᠬᠠᠷᠢᠭᠤᠴᠠᠯᠭ᠎ᠠ ᠪᠠᠨ ᠲᠡᠷᠡ ᠶᠣᠰᠣᠭᠠᠷ ᠨᠢ ᠪᠦᠬᠦ ᠲᠠᠯ᠎ᠠ ᠪᠠᠷ ᠰᠠᠶᠢᠲᠤᠷ ᠭᠦᠢᠴᠡᠳᠬᠡᠵᠦ᠂ ᠢᠯᠠᠩᠭᠤᠶ᠎ᠠ ᠡᠯ᠎ᠡ ᠲᠦᠷᠦᠭᠦᠯᠡᠬᠦ ᠰᠠᠯᠠᠭ᠎ᠠ ᠮᠥᠴᠢᠷ ᠪᠦᠬᠦ᠋ᠢᠯᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ  ᠶᠠᠪᠤᠴᠠ ᠶᠢ ᠰᠠᠶᠢᠲᠤᠷ ᠠᠳᠬᠤᠵᠤ᠂ ᠰᠠᠶᠢᠲᠤᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠪᠦᠬᠦ᠋ᠢᠯᠡ ᠠᠰᠠᠭᠤᠳᠠᠯ ᠢ ᠪᠦᠷᠢᠨ ᠪᠦᠲᠦᠨ  ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ︔  ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠡᠯ᠎ᠡ ᠰᠢᠪᠠᠳᠠᠨ  ᠪᠠᠶᠢᠴᠠᠭᠠᠬᠤ ᠳᠤᠭᠤᠶᠢᠯᠠᠩ ᠤᠯᠠᠮ ᠨᠢᠭᠡ ᠠᠯᠬᠤᠮ ᠣᠶᠤᠨ ᠴᠢᠳᠠᠯ ᠢᠶᠠᠨ ᠭᠠᠷᠭᠠᠵᠤ᠂ ᠡᠷᠴᠢᠮ ᠢᠶᠠᠨ ᠴᠢᠩᠭᠠᠷᠠᠭᠤᠯᠵᠤ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠶ  ᠭᠦᠢᠴᠡᠳᠬᠡᠵᠦ᠂ ᠬᠢᠨᠠᠯᠲᠠ ᠲᠠᠯᠪᠢᠵᠤ ᠦᠷ᠎ᠡ ᠪᠦᠲᠦᠮᠵᠢ ᠶᠢ ᠠᠰᠠᠭᠤᠬᠤ ᠶᠠᠪᠤᠴᠠ ᠳᠤ ᠪᠣᠳᠠᠲᠠᠶ ᠶᠠᠪᠤᠳᠠᠯ᠂ ᠪᠣᠳᠠᠲᠠᠶ ᠭᠤᠭᠴᠤᠭ᠎ᠠ᠂ ᠪᠣᠳᠠᠲᠠᠶ ᠬᠠᠷᠢᠭᠤᠴᠠᠯᠭᠠᠲᠠᠨ ᠢ ᠠᠩᠬᠠᠷᠴᠤ᠂ ᠰᠢᠮᠳᠠᠭᠤᠯᠤᠨ ᠪᠠᠶᠢᠴᠠᠭᠠᠬᠤ ᠶᠢᠨ ᠳᠠᠭᠠᠤ ᠬᠠᠯᠠᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃ ᠡᠯ᠎ᠡ ᠨᠢᠭᠡᠴᠡ ᠨᠦᠭᠦᠳ ᠬᠤᠭᠤᠷᠣᠨᠳᠣ ᠪᠠᠨ ᠬᠠᠮᠵᠢᠯᠴᠠᠭ᠎ᠠ ᠪᠠᠨ ᠴᠢᠩᠭᠠᠳᠬᠠᠵᠤ᠂ ︽ᠨᠢᠭᠡᠳᠦᠭᠡᠷ ᠭᠠᠷ︾᠎ ᠢᠶᠠᠨ ᠤᠬᠠᠮᠰᠠᠷ ᠠᠴᠠ ᠪᠠᠨ ᠵᠣᠯᠭᠠᠭᠤᠯᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠤᠪᠢᠳᠠᠨ ᠬᠠᠮᠢᠶᠠᠷᠴᠤ ᠪᠦᠬᠦᠢ  ᠲᠤᠭᠤᠷᠢᠭ ᠤᠨ ᠤᠳᠤᠷᠢᠳᠤᠯᠭ᠎ᠠ ᠪᠠᠨ ᠳᠤᠮᠳᠠ ᠨᠢ ᠵᠣᠬᠢᠴᠠᠭᠤᠯᠵᠤ᠂ ᠲᠣᠬᠢᠷᠠᠭᠤᠯᠤᠯᠲᠠ ᠪᠠᠨ ᠴᠢᠩᠬᠠᠳᠬᠠᠨ᠎ᠠ᠃ ᠬᠠᠮᠤᠭ ᠤᠨ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠦᠨᠡᠨᠬᠦ ᠪᠠᠲᠤᠯᠠᠵᠤ᠂ ᠪᠦᠬᠦᠯᠢ ᠴᠣᠭᠴᠠ ᠶᠢᠨ  ᠲᠤᠰᠬᠠᠢ ᠴᠡᠭᠴᠡᠯᠡᠨ ᠵᠠᠰᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠪᠡᠶᠡᠯᠡᠭᠦᠯᠬᠦ ᠳᠤ ᠪᠠᠲᠤ  ᠰᠠᠭᠤᠷᠢ ᠲᠠᠯᠪᠢᠬᠤ ᠬᠡᠷᠡᠭᠲᠡᠢ ᠭᠡᠵᠡᠢ᠃                          ︵ᠴᠧᠨ ᠬᠤᠩ ᠰᠢᠨ     ᠸᠠᠩ ᠬᠤᠤ ᠷᠠᠨ︶
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1