ᠸᠠᠩ ᠶᠦᠩ ᠰᠢᠨ᠎ᠡ ᠲᠤᠰᠢᠶᠠᠯ ᠡᠭᠦᠷᠭᠡᠯᠡᠭᠰᠡᠨ ᠺᠠᠳ᠋ᠷ ᠲᠠᠢ ᠬᠠᠮᠲᠤ ᠶᠢᠨ ᠶᠠᠷᠢᠯᠴᠠᠭ᠎ᠠ ᠬᠢᠪᠡ
ᠨᠡᠶᠢᠲᠡᠯᠡᠭᠰᠡᠨ ᠴᠠᠭ᠄
2020/9/23
  9 ᠰᠠᠷ᠎ᠠ ᠶᠢᠨ 18᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠶᠦᠩ ᠪᠦᠬᠦ  ᠲᠤᠭᠤᠷᠢᠭ ᠤᠨ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭᠠ  ᠲᠡᠰ ᠤᠨ ᠺᠠᠳ᠋ᠷ ᠲᠠᠢ ᠬᠠᠮᠲᠤ ᠶᠢᠨ ᠶᠠᠷᠢᠯᠴᠠᠭ᠎ᠠ ᠬᠢᠵᠦ ᠴᠢᠬᠤᠯᠠᠴᠢᠯᠠᠭᠰᠠᠨ ᠨᠢ᠂ ︽ᠳᠣᠯᠣᠭᠠᠨ ᠴᠢᠩᠭᠠᠳᠬᠠᠯ︾ ︽ᠳᠣᠯᠣᠭᠠᠨ ᠡᠷᠬᠡᠪᠰᠢ︾᠎ ᠶᠢ ᠢᠮᠠᠭᠲᠠ ᠪᠡᠶᠡᠯᠡᠭᠦᠯᠵᠦ᠂ ᠰᠢᠨ᠎ᠡ ᠠᠵᠢᠯ ᠤᠨ ᠪᠠᠶᠢᠷᠢ ᠳᠡᠭᠡᠷ᠎ᠡ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠬᠡᠵᠦ᠂ ᠡᠭᠦᠷᠭᠡ  ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ  ᠭᠠᠷᠭᠠᠨ᠂ ᠵᠣᠬᠢᠶᠠᠨ ᠪᠠᠶᠢᠭᠤᠯᠤᠯᠲᠠ ᠶᠢᠨ ᠢᠲᠡᠭᠡᠯ ᠪᠠ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ ᠭᠡᠵᠡᠢ᠃
   ᠸᠠᠩ ᠶᠦᠩ ᠵᠢᠭᠠᠵᠤ ᠭᠠᠷᠭᠠᠭᠰᠠᠨ ᠨᠢ᠂ ᠡᠨᠡ ᠤᠳᠠᠭᠠᠨ ᠤ ᠺᠠᠳ᠋ᠷ ᠤᠨ ᠲᠣᠬᠢᠷᠠᠭᠤᠯᠤᠯᠲᠠ ᠶᠢ  ᠲᠤᠭᠤᠷᠢᠭ ᠤᠨ ᠨᠠᠮ ᠤᠨ ᠬᠤᠷᠢᠶ᠎ᠠ ᠭᠦᠢᠴᠡᠳ ᠪᠣᠳᠣᠯᠬᠢᠯᠠᠵᠤ᠂ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠬᠤ᠂ ᠰᠠᠯᠠᠭᠠᠨ  ᠲᠡᠰ ᠤᠨ  ᠤᠳᠤᠷᠢᠳᠬᠤ ᠪᠠᠭ ᠤᠨ ᠪᠦᠲᠦᠴᠡ ᠶᠢ ᠰᠢᠯᠢᠳᠡᠭᠵᠢᠭᠦᠯᠬᠦ᠂ ᠬᠤᠭᠤᠴᠠᠭ᠎ᠠ ᠰᠣᠯᠢᠬᠤ ᠳᠤ ᠰᠠᠭᠤᠷᠢ ᠲᠠᠯᠪᠢᠬᠤ ᠵᠡᠷᠭᠡ  ᠲᠠᠯ᠎ᠠ ᠪᠠᠷ  ᠭᠦᠢᠴᠡᠳ ᠪᠤᠳᠤᠯᠬᠢᠯᠠᠭᠰᠠᠨ ᠪᠥᠭᠡᠳ ᠮᠠᠨ ᠤ  ᠲᠤᠭᠤᠷᠢᠭ ᠤᠨ ᠡᠯ᠎ᠡ  ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠲᠦᠷᠭᠡᠳᠬᠡᠬᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ  ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ ᠪᠣᠯᠤᠨ᠎ᠠ᠃
   ᠸᠠᠩ ᠶᠦᠩ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠬᠤ ᠳᠤ ᠡᠷᠬᠡᠪᠰᠢ ᠨᠠᠮ ᠳᠠᠭᠠᠨ ᠦᠨᠡᠨᠴᠢ ᠰᠢᠳᠤᠷᠭᠤ  ᠪᠠᠶᠢᠬᠤ ᠬᠡᠷᠡᠭᠲᠡᠢ᠃ ︽ᠳᠥᠷᠪᠡᠨ ᠤᠬᠠᠮᠰᠠᠷ︾᠎ ᠢ ᠦᠨᠡᠨᠬᠦ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠢᠮᠠᠭᠲᠠ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ  ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠠ ᠲᠠᠢ ᠳᠡᠭᠡᠳᠦ  ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ︽ᠲᠠᠪᠤᠨ ᠡᠷᠬᠡᠪᠰᠢ︾᠎ ᠶᠢ ᠦᠨᠡᠨᠬᠦ ᠪᠡᠶᠡᠯᠡᠭᠦᠯᠵᠦ᠂ ᠨᠠᠮ ᠳᠤ ᠬᠠᠷᠢᠴᠠᠯᠠᠰᠢ ᠦᠭᠡᠢ ᠦᠨᠡᠨᠴᠢ ᠰᠢᠳᠤᠷᠭᠤ ᠤᠯᠤᠰ ᠲᠦᠷᠦ ᠶᠢᠨ ᠵᠠᠩ ᠴᠢᠨᠠᠷ ᠢᠶᠠᠨ ᠡᠭᠦᠷᠢᠳᠡ  ᠬᠠᠳᠠᠭᠠᠯᠠᠵᠤ᠂ ᠤᠯᠤᠰ ᠲᠦᠷᠦ ᠶᠢᠨ ᠲᠠᠯ᠎ᠠ ᠪᠠᠷ ᠮᠡᠷᠭᠡᠨ ᠬᠥᠮᠦᠨ᠂ ᠦᠨᠡᠨᠴᠢ ᠰᠢᠳᠤᠷᠭᠤ ᠬᠥᠮᠦᠨ ᠪᠣᠯᠬᠤ ᠬᠡᠷᠡᠭᠲᠡᠢ᠃    ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠬᠤ ᠳᠤ᠂ ᠡᠷᠬᠡᠪᠰᠢ ᠯᠠᠪᠳᠠᠭᠤᠨ ᠪᠠᠲᠤᠲᠠᠢ ᠠᠵᠢᠯ ᠬᠢᠬᠦ ᠬᠡᠷᠡᠭᠲᠡᠢ᠃ ︽ᠲᠤᠰᠢᠶᠠᠯ  ᠪᠠᠶᠢᠪᠠᠯ ᠵᠠᠪᠠᠯ ᠠᠵᠢᠯ ᠬᠢᠵᠦ᠂ ᠲᠤᠰᠢᠶᠠᠯ  ᠪᠠᠶᠢᠪᠠᠯ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ︾ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠤᠴᠢᠷ ᠶᠠᠪᠤᠳᠠᠯ ᠢ ᠰᠠᠶᠢᠲᠤᠷ ᠬᠢᠵᠦ᠂ ᠵᠣᠬᠢᠶᠠᠨ ᠪᠠᠶᠢᠭᠤᠯᠤᠯᠲᠠ ᠶᠢᠨ ᠬᠥᠮᠦᠵᠢᠯ ᠢ ᠬᠥᠰᠡᠷᠳᠡᠭᠦᠯᠬᠦ ᠦᠭᠡᠢ᠂ ᠣᠯᠠᠨ ᠲᠦᠮᠡᠨ ᠤ ᠢᠲᠡᠭᠡᠯ ᠢ  ᠬᠦᠰᠡᠷᠳᠡᠭᠦᠯᠬᠦ ᠦᠭᠡᠢ᠂ ᠠᠵᠢᠯ ᠦᠢᠯᠡᠰ ᠤᠨ ᠬᠥᠭᠵᠢᠯᠲᠡ ᠶᠢᠨ ︽ᠪᠣᠳᠠᠲᠠᠶ ᠠᠵᠢᠯᠯᠠᠭᠴᠢ︾᠎  ᠪᠣᠯᠵᠤ᠂ ᠨᠢᠭᠡ ᠰᠡᠳᠬᠢᠯ ᠨᠢᠭᠡ ᠵᠣᠷᠢᠭ ᠢᠶᠠᠷ᠂ ᠣᠷᠭᠢᠯᠤᠮ᠎ᠠ ᠬᠠᠯᠠᠭᠤᠨ ᠰᠡᠳᠬᠢᠯᠭᠡ ᠎ ᠲᠠᠢ᠂ ᠦᠨᠡᠨ ᠪᠣᠳᠠᠲᠠᠶ  ᠠᠵᠢᠯᠯᠠᠭ᠎ᠠ ᠪᠠᠷ  ᠢᠶᠠᠨ ᠬᠥᠭᠵᠢᠯᠲᠡ ᠳᠤ  ᠦᠢᠯᠡᠴᠢᠯᠡᠬᠦ ᠬᠡᠷᠡᠭᠲᠡᠢ᠃    ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠪᠠᠨ ᠴᠢᠩᠭᠠᠳᠬᠠᠶ᠎ᠠ ᠭᠡᠪᠡᠯ ᠡᠷᠬᠡᠪᠰᠢ ᠬᠠᠷᠢᠭᠤᠴᠠᠯᠭ᠎ᠠ ᠡᠭᠦᠷᠭᠡᠯᠡᠨ ᠤᠷᠤᠭᠰᠢᠯᠠᠨ ᠳᠠᠪᠰᠢᠬᠤ ᠬᠡᠷᠡᠭᠲᠡᠢ᠃ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠰᠥᠰᠥ ᠵᠣᠷᠢᠭ ᠢᠶᠠᠨ ᠪᠠᠷᠢᠮᠲᠠᠯᠠᠵᠤ ᠂ ᠲᠣᠪᠤᠶᠢᠮ᠎ᠠ ᠵᠥᠷᠢᠴᠡᠯ ᠪᠣᠯᠤᠨ ᠠᠰᠠᠭᠤᠳᠠᠯ ᠢ  ᠰᠢᠢᠳᠪᠦᠷᠢᠯᠡᠬᠦ ᠪᠠᠷ ᠠᠵᠢᠯ ᠢᠶᠠᠨ ᠠᠬᠢᠭᠤᠯᠬᠤ ᠬᠦᠴᠦᠯᠡᠴᠡ ᠪᠣᠯᠭᠠᠵᠤ᠂ ᠬᠦᠴᠢᠷ ᠪᠡᠷᠬᠡᠰᠢᠶᠡᠯ ᠢ ᠰᠥᠷᠴᠦ᠂ ᠳᠠᠷᠤᠯᠲᠠ ᠶᠢ ᠰᠥᠷᠴᠦ᠂ ᠡᠯ᠎ᠡ ᠵᠦᠢᠯ ᠤᠨ ᠠᠵᠢᠯ ᠤᠨ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠰᠤᠷᠲᠠᠯ ᠢ ᠪᠠᠲᠤᠯᠠᠵᠤ᠂ ᠴᠥᠭᠡᠨ ᠶᠠᠷᠢᠵᠤ ᠢᠯᠡᠭᠦᠤ ᠬᠢᠬᠦ᠂ ᠰᠢᠷᠭᠠᠭᠤ ᠬᠠᠲᠠᠭᠤᠵᠢᠯᠲᠠᠶ ᠠᠵᠢᠯᠯᠠᠬᠤ ᠶᠢ ᠢᠳᠡᠪᠬᠢᠲᠡᠶ ᠰᠠᠨᠠᠭᠠᠴᠢᠯᠠᠵᠤ᠂ ᠬᠡᠷᠡᠭᠵᠢᠭᠦᠯᠬᠦ ᠬᠦᠴᠦᠨ ᠢᠶᠠᠨ ᠳᠡᠭᠡᠭᠰᠢᠯᠡᠭᠦᠯᠵᠦ᠂ ᠪᠣᠳᠠᠲᠤ ᠬᠦᠴᠦᠨ ᠢᠶᠠᠨ  ᠪᠠᠭᠤᠷᠠᠭᠤᠯᠬᠤ᠂ ᠬᠥᠪᠬᠦ ᠪᠠ ᠣᠩᠭᠢᠷᠠᠬᠤ ᠰᠤᠷᠲᠠᠯ ᠢ ᠴᠢᠩᠭ᠎ᠠ ᠴᠡᠭᠡᠷᠯᠡᠵᠦ᠂ ᠰᠢᠨ᠎ᠡ ᠠᠵᠢᠯ ᠤᠨ ᠪᠠᠶᠢᠷᠢ ᠳᠡᠭᠡᠷ᠎ᠡ ᠰᠢᠯᠭᠠᠯᠲᠠ ᠶᠢ ᠳᠠᠭᠠᠭᠠᠵᠤ ᠳᠡᠶᠢᠯᠬᠦ ᠠᠮᠵᠢᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠶ᠃     ᠠᠷᠠᠳ ᠲᠦᠮᠡᠨ ᠢ ᠳᠡᠭᠡᠳᠦᠯᠡᠬᠦ ᠶᠢ ᠴᠢᠩᠭᠠᠳᠬᠠᠬᠤ ᠳᠤ᠂ ᠡᠷᠬᠡᠪᠰᠢ ᠠᠷᠠᠳ ᠤᠨ ᠲᠥᠯᠥᠭᠡ ᠪᠤᠶᠠᠨ ᠦᠢᠯᠡᠳᠬᠦ  ᠬᠡᠷᠡᠭᠲᠡᠢ᠃ ᠣᠯᠠᠨ ᠲᠦᠮᠡᠨᠴᠢ ᠱᠤᠭᠤᠮ ᠢᠶᠠᠷ ᠰᠠᠶᠢᠲᠤᠷ ᠶᠠᠪᠤᠵᠤ  ᠤᠭ ᠰᠠᠨᠠᠭ᠎ᠠ ᠎ ᠪᠠᠨ ᠪᠠᠲᠤ ᠴᠡᠭᠡᠵᠢᠯᠡᠵᠦ᠂ ᠣᠯᠠᠨ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠣᠯᠠᠨ ᠲᠦᠮᠡᠨ ᠤ ᠬᠦᠷᠢᠶᠡᠯᠡᠬᠦ ᠡᠰᠡᠬᠦ᠂ ᠵᠥᠪᠰᠢᠶᠡᠷᠡᠬᠦ  ᠡᠰᠡᠬᠦ᠂ ᠪᠠᠶᠠᠷᠯᠠᠬᠤ ᠡᠰᠡᠬᠦ᠂ ᠬᠦᠯᠢᠶᠡᠬᠦ ᠡᠰᠡᠬᠦ ᠪᠠᠷ ᠠᠯᠢᠪᠠ ᠠᠵᠢᠯ ᠢ ᠬᠡᠮᠵᠢᠬᠦ ᠦᠨᠳᠦᠰᠦᠨ ᠪᠠᠷᠢᠮᠵᠢᠶ᠎ᠠ  ᠪᠤᠯᠭᠠᠨ᠂ ᠬᠠᠶᠢᠷ᠎ᠠ ᠰᠡᠳᠬᠢᠯᠭᠡ ᠶᠢ ᠡᠪᠦᠷᠯᠡᠨ ᠠᠷᠠᠳ ᠤᠨ ᠲᠥᠯᠥᠭᠡ ᠪᠣᠳᠠᠲᠤ ᠠᠰᠢᠭ ᠬᠦᠷᠲᠡᠭᠡᠵᠦ ᠪᠣᠳᠠᠲᠠᠢ ᠠᠵᠢᠯ ᠬᠢᠵᠦ᠂  ᠬᠠᠷᠢᠭᠤᠴᠠᠯᠭ᠎ᠠ ᠶᠢ ᠡᠪᠦᠷᠯᠡᠨ ᠠᠷᠠᠳ ᠲᠦᠮᠡᠨ ᠤ ᠲᠥᠯᠥᠭᠡ ᠪᠤᠶᠠᠨ ᠵᠢᠷᠭᠠᠯ ᠢ ᠡᠷᠢᠯᠬᠢᠯᠡᠵᠦ ᠬᠦᠴᠢᠷᠳᠡᠯ ᠢ ᠨᠢ  ᠰᠢᠢᠳᠪᠦᠷᠢᠯᠡᠵᠦ ᠥᠭᠬᠦ ᠬᠡᠷᠡᠭᠲᠡᠢ᠃    ᠰᠤᠷᠤᠯᠴᠠᠯᠭ᠎ᠠ ᠪᠠᠶᠢᠴᠠᠭᠠᠨ ᠰᠤᠳᠤᠯᠤᠯᠲᠠ ᠶᠢ ᠴᠢᠩᠭᠠᠳᠬᠠᠬᠤ ᠳᠤ᠂ ᠡᠷᠬᠡᠪᠰᠢ ᠥᠪᠡᠷ ᠢ ᠪᠠᠨ ᠳᠡᠭᠡᠭᠰᠢᠯᠡᠭᠦᠯᠬᠦ  ᠬᠡᠷᠡᠭᠲᠡᠢ᠃ ᠰᠤᠷᠤᠯᠴᠠᠯᠭ᠎ᠠ ᠎ ᠪᠠᠨ ᠴᠢᠩᠭᠠᠳᠬᠠᠬᠤ ᠬᠡᠷᠡᠭᠲᠡᠶ᠂ ᠣᠨᠣᠯ ᠤᠨ ᠮᠡᠳᠡᠯᠭᠡ ᠶᠢᠨ ᠪᠣᠳᠠᠲᠠᠶ ᠬᠡᠷᠡᠭᠯᠡᠯᠲᠡ ᠶᠢ ᠴᠢᠬᠤᠯᠠᠴᠢᠯᠠᠵᠤ᠂ ᠰᠤᠷᠤᠯᠴᠠᠬᠤ ᠦᠷ᠎ᠡ ᠪᠦᠲᠦᠭᠡᠯ ᠢ  ᠠᠵᠢᠯ ᠢᠶᠠᠨ ᠲᠥᠯᠥᠪᠯᠡᠬᠦ ᠰᠡᠳᠬᠢᠮᠵᠢ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠪᠣᠯᠭᠠᠨ  ᠬᠤᠪᠢᠷᠠᠭᠤᠯᠵᠤ᠂ ᠰᠣᠷᠣᠭᠰᠠᠨ ᠢᠶᠠᠨ ᠬᠡᠷᠡᠭᠯᠡᠬᠦ ᠂ ᠰᠤᠷᠴᠤ ᠬᠡᠷᠡᠭᠯᠡᠬᠦ ᠶᠢ ᠵᠡᠷᠭᠡᠪᠡᠷ ᠳᠡᠭᠡᠭᠰᠢᠯᠡᠭᠦᠯᠬᠦ ᠶᠢ ᠦᠨᠡᠨ ᠬᠦ  ᠪᠡᠶᠡᠯᠡᠭᠦᠯᠬᠦ ᠬᠡᠷᠡᠭᠲᠡᠢ  ᠃     ᠪᠦᠯᠬᠦᠮᠳᠡᠨ ᠬᠠᠮᠵᠢᠯᠴᠠᠬᠤ ᠪᠠᠨ ᠴᠢᠩᠭᠠᠳᠬᠠᠶ᠎ᠠ ᠭᠡᠪᠡᠯ ᠡᠷᠬᠡᠪᠰᠢ ᠬᠠᠮᠲᠤ ᠪᠠᠷ ᠠᠵᠢᠯᠯᠠᠬᠤ ᠳᠠᠭᠠᠨ ᠴᠢᠳᠠᠮᠠᠭᠠᠶ ᠪᠠᠶᠢᠬᠤ ᠬᠡᠷᠡᠭᠲᠡᠶ᠃ ᠶᠡᠭᠡ ᠲᠠᠯ᠎ᠠ ᠶᠢᠨ ᠤᠬᠠᠮᠰᠠᠷ᠂ ᠪᠦᠯᠬᠦᠮᠳᠡᠯ ᠤᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠪᠦᠬᠦ ᠲᠠᠯ᠎ᠠ ᠶᠢᠨ ᠠᠵᠢᠯ ᠢ ᠨᠢᠭᠡ ᠬᠥᠯᠭᠡ ᠰᠢᠲᠠᠷ᠎ᠠ ᠮᠡᠲᠦ ᠪᠣᠯᠭᠠᠬᠤ︾ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ  ᠢ ᠵᠢᠱᠢᠶᠡᠴᠢ ᠪᠠᠷ ᠰᠠᠶᠢᠲᠤᠷ ᠲᠤᠤᠱᠯᠠᠭᠤᠯᠤᠨ  ᠬᠡᠷᠡᠭᠵᠢᠭᠦᠯᠵᠦ᠂ ᠪᠦᠬᠦᠯᠢ ᠴᠣᠭᠴᠠ ᠶᠢᠨ  ᠦᠢᠯᠡᠳᠦᠯ ᠴᠢᠳᠠᠪᠤᠷᠢ ᠶᠢ ᠪᠠᠳᠠᠷᠠᠭᠤᠯᠬᠤ ᠳᠤ ᠢᠯᠡᠭᠦᠬᠡᠨ ᠬᠤᠪᠢ ᠨᠡᠮᠡᠷᠢ ᠦᠵᠡᠭᠦᠯᠬᠦ  ᠬᠡᠷᠡᠭᠲᠡᠢ᠃    ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠴᠢᠩᠭᠠᠳᠬᠠᠬᠤ ᠳᠤ ᠡᠷᠬᠡᠪᠰᠢ ᠠᠷᠢᠭᠤᠨ    ᠴᠢᠭᠡᠴᠢ ᠪᠠᠷ ᠵᠠᠰᠠᠭ ᠪᠠᠷᠢᠬᠤ ᠬᠡᠷᠡᠭᠲᠡᠢ᠃ ᠠᠷᠢᠭᠤᠨ  ᠴᠢᠭᠡᠴᠢ ᠪᠠᠶᠢᠬᠤ ᠪᠣᠯ ᠺᠠᠳ᠋ᠷ ᠤᠨ ᠣᠷᠣᠰᠢᠨ ᠲᠣᠭᠲᠠᠨᠢᠬᠤ ᠶᠢᠨ ᠦᠨᠳᠦᠰᠦ᠂ ᠵᠠᠰᠠᠭ ᠶᠠᠪᠤᠭᠤᠯᠬᠤ ᠬᠢᠵᠠᠭᠠᠷ ᠱᠤᠭᠤᠮ ᠮᠥᠨ᠃ ᠬᠠᠤᠯᠢ ᠴᠠᠭᠠᠵᠠ ᠶᠢᠨ  ᠰᠠᠬᠢᠯ᠂ ᠰᠠᠬᠢᠯᠭ᠎ᠠ ᠪᠠᠲᠤ ᠶᠢᠨ  ᠰᠠᠬᠢᠯ᠂ ᠳᠦᠷᠢᠮ ᠲᠣᠭᠲᠠᠭᠠᠯ ᠤᠨ  ᠰᠠᠬᠢᠯ᠂  ᠶᠣᠰᠣ ᠮᠣᠷᠠᠯ ᠤᠨ  ᠰᠠᠬᠢᠯ ᠵᠡᠷᠭᠡ ᠶᠢ ᠴᠠᠭ ᠢᠮᠠᠭᠲᠠ ᠪᠠᠲᠤ ᠴᠡᠭᠡᠵᠢᠯᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ  ᠢ ᠲᠦᠷᠦᠭᠦᠯᠡᠨ  ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠢᠵᠢ ᠪᠦᠷᠢᠳᠦᠭᠦᠯᠬᠦ ᠲᠣᠭᠲᠠᠭᠠᠯ ᠪᠠ ᠮᠠᠨ ᠤ  ᠲᠤᠭᠤᠷᠢᠭ ᠪᠣᠳᠠᠲᠠᠶ  ᠲᠤᠭᠲᠠᠭᠠᠯ ᠢ   ᠨᠠᠶᠢᠳᠠᠪᠤᠷᠢᠵᠢᠭᠤᠯᠵᠤ᠂ ᠡᠳᠦᠷ ᠲᠤᠲᠤᠮ  ᠥᠪᠡᠷ ᠢ ᠪᠠᠨ  ᠬᠢᠵᠠᠭᠠᠷᠯᠠᠨ᠂ ᠵᠢᠵᠢᠭ ᠰᠠᠵᠢᠭ ᠶᠠᠪᠤᠳᠠᠯ ᠠᠴᠠ ᠥᠪᠡᠷ ᠢ ᠪᠠᠨ ᠳᠦᠷᠢᠮᠵᠢᠭᠦᠯᠬᠦ ᠬᠡᠷᠡᠭᠲᠡᠶ᠃ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠰᠡᠷᠡᠮᠵᠢᠯᠡᠯ ᠡᠪᠦᠷᠯᠡᠵᠦ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠲᠦᠷᠦ ᠶᠢᠨ ᠪᠤᠳᠤᠯᠭ᠎ᠠ ᠲᠦᠷᠢᠮ  ᠶᠤᠰᠤᠭᠠᠷ ᠠᠵᠢᠯᠯᠠᠵᠤ᠂ ᠶᠣᠰᠣ ᠲᠦᠷᠢᠮ ᠶᠣᠰᠣᠭᠠᠷ ᠠᠵᠢᠯᠯᠠᠵᠤ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠬᠦ  ᠬᠡᠷᠡᠭᠲᠡᠢ᠃ ᠲᠥᠪ ᠰᠤᠷᠲᠠᠯ ᠢ ᠪᠠᠳᠠᠷᠠᠭᠤᠯᠵᠤ᠂  ᠨᠢᠮᠭᠡᠨ ᠮᠥᠰᠥᠨ ᠳᠡᠭᠡᠷ᠎ᠡ ᠭᠢᠰᠬᠢᠭᠰᠡᠨ ᠮᠡᠲᠦ᠂ ᠭᠦᠨ ᠬᠦᠪ ᠲᠤ ᠬᠦᠷᠦᠭᠰᠡᠨ ᠮᠡᠲᠦ ᠰᠡᠳᠬᠢᠯ ᠤᠨ ᠪᠠᠶᠢᠳᠠᠯ ᠢᠶᠠᠨ ᠢᠮᠠᠭᠲᠠ ᠪᠠᠷᠢᠮᠲᠠᠯᠠᠵᠤ᠂ ᠨᠡᠶᠢᠭᠡᠮ ᠤᠨ ᠬᠠᠷᠢᠯᠴᠠᠭᠠᠨ ᠤ ᠬᠦᠷᠢᠶ᠎ᠡ᠂ ᠠᠮᠢᠳᠤᠷᠠᠯ ᠤᠨ ᠬᠦᠷᠢᠶ᠎ᠡ᠂  ᠨᠠᠶᠢᠵᠠ ᠶᠢᠨ ᠬᠦᠷᠢᠶ᠎ᠡ ᠪᠠᠨ ᠤᠬᠠᠮᠰᠠᠷ ᠠᠴᠠ ᠪᠠᠨ ᠴᠡᠪᠡᠷᠰᠢᠭᠦᠯᠵᠦ᠂ ᠰᠠᠶᠢᠨ ᠰᠠᠶᠢᠬᠠᠨ ᠭᠡᠷ ᠤᠨ ᠰᠤᠷᠲᠠᠯ ᠪᠠ ᠭᠡᠷ ᠤᠨ ᠬᠥᠮᠦᠵᠢᠯ ᠢ ᠤᠬᠠᠮᠰᠠᠷ ᠠᠴᠠ ᠪᠠᠨ ᠬᠥᠮᠦᠵᠢᠭᠦᠯᠵᠦ᠂ ᠭᠡᠷ ᠪᠦᠯᠢ᠂ ᠲᠥᠷᠥᠯ ᠰᠠᠳᠤᠨ ᠪᠠ ᠳᠡᠷᠭᠡᠳᠡᠬᠢ ᠠᠵᠢᠯᠲᠠᠨ ᠢᠶᠠᠨ ᠤᠬᠠᠮᠰᠠᠷ ᠠᠴᠠ ᠪᠠᠨ ᠰᠠᠶᠢᠲᠤᠷ ᠬᠠᠮᠢᠶᠠᠷᠬᠤ ᠬᠡᠷᠡᠭᠲᠡᠶ ᠭᠡᠵᠡᠢ᠃     ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠺᠠᠶ᠂  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ  ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦᠶ ᠶᠠᠨ ᠬᠠᠨ ᠬᠤᠷᠠᠯ ᠳᠤ ᠣᠷᠣᠯᠴᠠᠵᠠᠶ᠃ ᠪᠥᠬᠦ  ᠲᠤᠭᠤᠷᠢᠭ ᠤᠨ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭᠠᠨ  ᠲᠠᠰ ᠤᠨ ᠺᠠᠳ᠋ᠷ ᠬᠤᠷᠠᠯ ᠳᠤ ᠣᠷᠣᠯᠴᠠᠪᠠ᠃ ︵ᠴᠢᠶᠠᠨ ᠰᠢᠶᠤᠤ  ᠹᠧᠩ   ᠸᠠᠩ ᠬᠤᠤ ᠷᠠᠨ︶
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1