ᠶᠤᠸᠠᠨ ᠪᠦᠦ ᠱᠠᠨ ᠲᠣᠭᠤᠷᠢᠭ ᠤᠨ ᠳ᠋ᠠ ᠳ᠋ᠢ ᠶᠦᠨ ᠲᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ  ᠭᠠᠵᠠᠷ ᠬᠥᠳᠡᠯᠦᠯᠲᠡ᠂ ᠠᠶᠤᠯᠲᠠᠶ ᠬᠢᠮᠢ ᠶᠢᠨ ᠪᠣᠳᠠᠰ ᠯᠡᠪᠡᠷᠡᠭᠰᠡᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2020/9/9
   9 ᠰᠠᠷ᠎ᠠ ᠶᠢᠨ 3᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠥᠪᠥᠷ ᠮᠣᠩᠭᠤᠯ ᠤᠨ ᠳ᠋ᠠ ᠳ᠋ᠢ ᠶᠦᠨ ᠲᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ 2020 ᠣᠨ ᠤ ᠭᠠᠵᠠᠷ ᠬᠥᠳᠡᠯᠦᠯᠲᠡ᠂ ᠠᠶᠤᠯᠲᠠᠶ ᠬᠢᠮᠢ ᠶᠢᠨ ᠡᠳ᠋ ᠯᠡᠪᠡᠷᠡᠭᠰᠡᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ ᠬᠢᠪᠠ᠃  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠵᠠᠰᠠᠭ  ᠤᠨ ᠣᠷᠳᠣᠨ ᠤ ᠳᠡᠳ᠋ ᠳᠠᠷᠤᠭ᠎ᠠ ᠶᠢᠨ ᠶᠠᠨ ᠴᠧᠨ ᠰᠣᠷᠢᠯᠲᠠ ᠶᠢᠨ ᠠᠵᠢᠯᠯᠠᠭ᠎ᠠ ᠳᠤ ᠣᠷᠣᠯᠴᠠᠵᠤ᠂ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠡᠰᠡᠭ ᠠᠵᠢᠯᠲᠠᠨ ᠠᠵᠢᠯᠴᠢᠨ ᠰᠣᠷᠢᠯᠲᠠ ᠶᠢ ᠰᠣᠨᠢᠷᠬᠠᠪᠠ᠃
   ᠰᠣᠷᠢᠯᠲᠠ ᠶᠢᠨ ᠳᠤᠮᠳᠠ᠂  ᠡᠯ᠎ᠡ ᠨᠢᠭᠡᠴᠢ ᠨᠢ ᠰᠣᠷᠢᠯᠲᠠ ᠳᠤ ᠢᠳᠡᠪᠬᠢᠲᠡᠢ ᠣᠷᠣᠯᠴᠠᠵᠤ᠂  ᠪᠦᠬᠦ᠋ᠢᠯᠡ ᠶᠠᠪᠤᠴᠠ ᠶᠢᠨ ᠡᠭᠦᠷᠭᠡ ᠬᠠᠷᠢᠭᠤᠴᠠᠯᠭ᠎ᠠ ᠲᠣᠳᠣᠷᠬᠠᠶ᠂ ᠠᠵᠢᠯ ᠤᠨ ᠬᠤᠪᠢᠶᠠᠷᠢᠯᠠᠯ ᠡᠮᠬᠢ ᠵᠢᠷᠤᠮ ᠲᠠᠢ᠂ ᠰᠣᠷᠢᠯᠲᠠ ᠶᠢᠨ ᠦᠷ᠎ᠡ ᠪᠦᠲᠦᠮᠵᠢ ᠳᠤ ᠬᠦᠷᠦᠭᠰᠡᠨ ᠪᠠᠶᠢᠨ᠎ᠠ᠃ ᠰᠣᠷᠢᠯᠲᠠ ᠳᠠᠭᠤᠰᠤᠭᠰᠠᠨ ᠤ ᠳᠠᠷᠠᠭ᠎ᠠ᠂ ᠶᠢᠨ ᠶᠠᠨ ᠴᠧᠨ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠡᠯ᠎ᠡ  ᠵᠦᠢᠯ ᠤᠨ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠰᠠᠨᠠᠯ ᠳᠤᠷᠠᠳᠪᠠ᠃ ᠶᠢᠨ ᠶᠠᠨ ᠴᠧᠨ ᠵᠢᠭᠠᠵᠤ ᠭᠠᠷᠭᠠᠭᠰᠠᠨ ᠨᠢ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯ ᠤᠨ ᠴᠢᠬᠤᠯᠠ ᠴᠢᠨᠠᠷ  ᠢ  ᠭᠦᠢᠴᠡᠳ ᠲᠠᠨᠢᠵᠤ᠂ ᠡᠯ᠎ᠡ ᠬᠠᠮᠢᠶ᠎ᠠ ᠪᠦᠬᠦᠢ ᠨᠢᠭᠡᠴᠡ᠂ ᠡᠯ᠎ᠡ ᠠᠵᠤ ᠠᠬᠤᠶᠢᠯᠠᠯ ᠠᠶᠤᠯᠭᠦᠶ  ᠦᠢᠯᠡᠳᠪᠦᠷᠢᠯᠡᠯ ᠤᠨ ᠠᠵᠢᠯ ᠢ  ᠴᠢᠩᠭᠠᠳᠬᠠᠨ ᠰᠠᠶᠢᠵᠢᠷᠠᠭᠤᠯᠬᠤ ᠬᠡᠷᠡᠭᠴᠡᠭᠡ ᠠᠴᠠ ᠡᠭᠦᠰᠴᠦ᠂  ᠦᠢᠯᠡᠳᠪᠦᠷᠢᠯᠡᠯ ᠡᠵᠡᠩᠨᠡᠯᠲᠡ ᠶᠢᠨ ᠲᠣᠭᠲᠠᠭᠤᠨ ᠡᠮᠬᠢ ᠵᠢᠷᠤᠮ ᠲᠠᠢ ᠪᠠᠶᠢᠬᠤ ᠠᠴᠠ ᠡᠭᠦᠰᠴᠦ᠂ ᠠᠵᠢᠭᠯᠠᠭᠰᠠᠳ ᠨᠢᠭᠡᠪᠦᠷᠢ ᠶᠢᠨ ᠠᠮᠢ ᠨᠠᠰᠤᠨ ᠢ ᠬᠠᠮᠠᠭᠠᠯᠠᠬᠤ ᠡᠭᠦᠳᠡᠨ ᠠᠴᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠰᠢᠰᠲ᠋ᠧᠮ ᠲᠠᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠬᠢᠨᠠᠮᠠᠭᠠᠶ ᠥᠷᠨᠢᠭᠦᠯᠦᠨ᠂  ᠠᠮᠢ ᠵᠢᠭᠤᠲᠠᠬᠤ ᠴᠢᠳᠠᠪᠤᠷᠢ᠂ ᠠᠷᠭᠠᠴᠠᠨ  ᠰᠢᠢᠳᠪᠦᠷᠢᠯᠡᠬᠦ ᠴᠢᠳᠠᠪᠤᠷᠢ᠂  ᠠᠪᠤᠷᠠᠨ ᠲᠤᠰᠠᠯᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃  ᠡᠯ᠎ᠡ ᠪᠠᠯᠭᠠᠰᠤ ᠰᠢᠶᠠᠩ ᠵᠡᠭᠡᠯᠢ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠪᠠᠴᠢᠮ  ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠤᠨ ᠬᠠᠮᠵᠢᠯᠴᠠᠭ᠎ᠠ ᠪᠠᠨ ᠴᠢᠩᠬᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠪᠣᠯᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠪᠠ ᠬᠠᠷᠢᠯᠴᠠᠨ ᠨᠡᠪᠲᠡᠷᠡᠯᠴᠡᠬᠦ  ᠲᠤᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠᠷ ᠳᠠᠮᠵᠢᠭᠤᠯᠤᠨ ᠡᠯ᠎ᠡ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠬᠤᠭᠤᠷᠣᠨᠳᠣᠬᠢ ᠬᠠᠮᠵᠢᠯᠴᠠᠭ᠎ᠠ  ᠪᠠᠨ ᠴᠢᠩᠭᠠᠳᠬᠠᠵᠤ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠲᠦᠷᠭᠡᠨ᠂ ᠰᠢᠨᠵᠢᠯᠡᠬᠦ ᠤᠬᠠᠭᠠᠨᠴᠢ᠂ ᠪᠦᠲᠦᠮᠵᠢᠲᠡᠶ ᠠᠷᠭᠠᠴᠠᠬᠤ ᠶᠢ ᠦᠨᠡᠨᠬᠦ  ᠪᠠᠲᠤᠯᠠᠬᠤ ᠬᠡᠷᠡᠭᠲᠡᠢ᠃
   ᠶᠢᠨ ᠶᠠᠨ ᠴᠧᠨ ᠴᠢᠬᠤᠯᠠᠴᠢᠯᠠᠭᠰᠠᠨ ᠨᠢ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠬᠥᠮᠦᠵᠢᠯ ᠪᠤᠯᠪᠠᠰᠤᠷᠠᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠭᠤᠷᠢ ᠠᠵᠢᠯ ᠢ  ᠪᠠᠬᠢᠵᠢᠭᠦᠯᠬᠦ ᠬᠡᠷᠡᠭᠲᠡᠶ᠃ ᠡᠯ᠎ᠡ ᠨᠢᠭᠡᠴᠡ᠂ ᠡᠯ᠎ᠡ ᠠᠵᠤ ᠠᠬᠤᠶᠢᠯᠠᠯ ᠲᠣᠭᠲᠠᠮᠠᠯ ᠬᠤᠭᠤᠴᠠᠭ᠎ᠠ ᠲᠠᠢ ᠪᠠᠷ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠪᠣᠯᠪᠠᠰᠤᠷᠠᠯ ᠥᠷᠨᠢᠭᠦᠯᠵᠦ᠂ ᠡᠯ᠎ᠡ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ᠂ ᠡᠯ᠎ᠡ ᠠᠵᠢᠯ ᠤᠨ ᠪᠠᠶᠢᠷᠢ ᠶᠢᠨ ᠠᠵᠢᠯᠲᠠᠨ ᠤ ᠪᠠᠴᠢᠮ ᠪᠠᠶᠢᠳᠠᠯ ᠢ ᠠᠷᠭᠠᠴᠠᠬᠤ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠤᠨ ᠲᠣᠳᠣᠷᠬᠠᠶᠢᠯᠠᠵᠤ᠂  ᠪᠣᠳᠠᠲᠠᠶ ᠪᠣᠯᠪᠠᠰᠤᠷᠠᠯ ᠬᠢᠬᠦ ᠶᠢ ᠴᠢᠩᠭᠠᠳᠬᠠᠵᠤ᠂ ᠪᠦᠬᠦ ᠠᠵᠢᠯᠲᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠡᠪ ᠴᠢᠨᠠᠷ  ᠬᠢᠷᠢ ᠬᠡᠮᠵᠢᠶ᠎ᠡ ᠶᠢ  ᠳᠡᠭᠡᠭᠰᠢᠯᠡᠭᠦᠯᠬᠦ ᠬᠡᠷᠡᠭᠲᠡᠢ᠃ ᠠᠶᠤᠯᠲᠠᠶ ᠬᠢᠮᠢ ᠶᠢᠨ ᠪᠣᠳᠠᠰ ᠤᠨ ᠲᠤᠰᠬᠠᠶ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠳ᠋ ᠪᠣᠳᠠᠰ ᠢ ᠪᠦᠷᠢᠨ  ᠭᠦᠢᠴᠡᠳ ᠲᠣᠬᠢᠷᠠᠭᠤᠯᠵᠤ᠂  ᠭᠡᠨᠡᠳᠲᠡ ᠶᠢᠨ ᠠᠳᠡᠯ ᠢ ᠠᠷᠭᠠᠴᠠᠬᠤ ᠪᠡᠯᠡᠳᠬᠡᠯ ᠢ ᠴᠠᠭ ᠢᠮᠠᠭᠲᠠ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠪᠠᠴᠢᠮ  ᠪᠠᠶᠢᠳᠠᠯ ᠢ ᠠᠷᠭᠠᠴᠠᠨ  ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ ᠡᠳ᠋  ᠬᠦᠷᠦᠩᠭᠡ ᠶᠢᠨ ᠠᠮᠤᠷ ᠲᠦᠪᠰᠢᠨ ᠢ ᠦᠨᠡᠨ ᠬᠦ  ᠪᠠᠯᠲᠠᠯᠠᠬᠤ ᠬᠡᠷᠡᠭᠲᠡᠢ ᠭᠡᠵᠡᠢ᠃                                           ︵ᠯᠢᠦᠶ ᠸᠧᠶ        ᠸᠠᠩ ᠰᠢᠶᠤᠤ ᠳ᠋ᠠᠨ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1