ᠬᠡᠤ ᠴᠢᠩ  ᠹᠧᠩ ᠶᠤᠸᠠᠨ ᠪᠦᠦ ᠱᠠᠨ ᠲᠣᠭᠤᠷᠢᠭ ᠲᠤ ᠢᠷᠡᠵᠦ  ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/9/9
ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ  ᠬᠡᠤ ᠴᠢᠩ  ᠹᠧᠩ ᠶᠤᠸᠠᠨ ᠪᠦᠦ ᠱᠠᠨ ᠲᠣᠭᠤᠷᠢᠭ ᠲᠤ ᠢᠷᠡᠵᠦ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ  ᠲᠤᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠪᠠ ᠤᠯᠤᠰ ᠤᠨ ᠦᠮᠴᠢᠯᠡᠯᠲᠡ ᠠᠵᠤ ᠠᠬᠤᠶᠢᠯᠠᠯ ᠎ ᠠᠴᠠ ᠨᠠᠰᠤᠨ ᠤ ᠠᠮᠠᠷᠠᠯᠲᠠ ᠠᠪᠤᠭᠰᠠᠨ ᠬᠥᠮᠦᠰ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠰᠤᠳᠤᠯᠪᠠ    9 ᠰᠠᠷ᠎ᠠ ᠶᠢᠨ 1᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ  ᠤᠨ ᠣᠷᠳᠣᠨ ᠤ ᠳᠡᠳ᠋  ᠳᠠᠷᠤᠭ᠎ᠠ  ᠬᠡᠤ ᠴᠢᠩ ᠹᠧᠩ ᠶᠤᠸᠠᠨ ᠪᠦᠦ ᠱᠠᠨ ᠲᠣᠭᠤᠷᠢᠭ ᠲᠤ ᠢᠷᠡᠵᠦ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ  ᠴᠡᠭᠴᠡᠯᠡᠨ ᠵᠠᠰᠠᠬᠤ ᠪᠠ ᠤᠯᠤᠰ  ‍ᠤᠨ‌ᠥᠮᠴᠢᠯᠡᠯᠲᠡ ᠠᠵᠤ ᠠᠬᠤᠶᠢᠯᠠᠯ ᠠᠴᠠ ᠨᠠᠰᠤᠨ ᠤ ᠠᠮᠠᠷᠠᠯᠲᠠ ᠠᠪᠤᠭᠰᠠᠨ ᠬᠥᠮᠦᠰ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂  ᠵᠠᠰᠠᠭ  ᠤᠨ ᠣᠷᠳᠣᠨ ᠤ ᠳᠠᠷᠤᠭ᠎ᠠ ᠼᠤᠤ ᡁᠢ ᠶᠦᠩ᠂  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ  ᠤᠨ ᠣᠷᠳᠣᠨ ᠤ ᠳᠡᠳ᠋ ᠳᠠᠷᠤᠭ᠎ᠠ ᠶᠢᠨ ᠶᠠᠨ ᠴᠧᠨ᠂  ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠴᠦ᠋ ᠬᠠᠢ ᠪᠥᠸᠧ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠤ ᠣᠷᠣᠯᠴᠠᠪᠠ᠃ ᠡᠯ᠎ᠡ ᠪᠠᠯᠭᠠᠰᠤ ᠰᠢᠶᠠᠩ ᠵᠡᠭᠡᠯᠢ᠂ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ  ᠤᠷᠤᠯᠴᠠᠵᠠᠢ᠃    ᠶᠠᠷᠢᠯᠴᠠᠬᠤ ᠬᠤᠷᠠᠯ ᠳᠡᠭᠡᠷ᠎ᠡ᠂ ᠶᠢᠨ ᠶᠠᠨ ᠴᠧᠨ ᠮᠠᠨ ᠤ  ᠲᠤᠭᠤᠷᠢᠭ ᠤᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ  ᠳᠤ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ  ᠨᠠᠶᠢᠳᠠᠪᠤᠷᠢᠵᠢᠭᠤᠯᠤᠭᠰᠠᠨ ᠬᠠᠮᠢᠶ᠎ᠠ ᠪᠥᠬᠦᠶ ᠪᠣᠳᠠᠲᠠᠶ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠪᠠ  ᠤᠯᠤᠰ ᠤᠨ  ᠥᠮᠴᠢᠯᠡᠯᠲᠡ ᠠᠵᠤ ᠠᠬᠤᠶᠢᠯᠠᠯ ᠎ ᠠᠴᠠ ᠨᠠᠰᠤᠨ ᠤ ᠠᠮᠠᠷᠠᠯᠲᠠ ᠠᠪᠤᠭᠰᠠᠨ ᠬᠥᠮᠦᠰ ᠤᠨ ᠨᠡᠶᠢᠭᠡᠮᠴᠢᠯᠡᠭᠰᠡᠨ  ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠲᠤᠬᠠᠶ   ᠬᠠᠷᠢᠭᠤ ᠮᠡᠳᠡᠭᠦᠯᠦᠯᠲᠡ ᠬᠢᠪᠠ᠃     ᠬᠡᠤ ᠴᠢᠩ ᠹᠧᠩ ᠮᠠᠨ ᠤ  ᠲᠤᠭᠤᠷᠢᠭ ᠤᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ  ᠵᠦᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠪᠠ ᠤᠯᠤᠰ ᠤᠨ ᠥᠮᠴᠢᠯᠡᠯᠲᠡ ᠠᠵᠤ ᠠᠬᠤᠶᠢᠯᠠᠯ ᠠᠴᠠ ᠨᠠᠰᠤᠨ ᠤ ᠠᠮᠠᠷᠠᠯᠲᠠ ᠠᠪᠤᠭᠰᠠᠨ ᠬᠥᠮᠦᠰ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠠᠵᠢᠯ ᠢ  ᠭᠦᠢᠴᠡᠳ ᠨᠤᠲᠠᠯᠠᠪᠠ᠃  ᠬᠡᠤ ᠴᠢᠩ ᠹᠧᠩ ᠴᠢᠬᠤᠯᠠᠴᠢᠯᠠᠭᠰᠠᠨ ᠨᠢ᠂ ᠶᠤᠸᠠᠨ ᠪᠦᠦ ᠱᠠᠨ ᠲᠣᠭᠤᠷᠢᠭ ᠤᠨ ᠬᠢᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ ᠲᠣᠭᠲᠠᠭᠰᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ  ᠠᠬᠢᠭᠤᠯᠵᠤ᠂ ᠨᠠᠷᠢᠨ ᠨᠢᠮᠪᠠᠶ ᠡᠯ᠎ᠡ  ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ᠪᠥᠬᠦ ᠠᠰᠠᠭᠤᠳᠠᠯ ᠢ ᠴᠡᠭᠴᠡᠯᠡᠨ  ᠰᠠᠶᠢᠵᠢᠷᠠᠭᠤᠯᠬᠤ ᠶᠢ ᠦᠨᠡᠨ ᠬᠦ  ᠪᠠᠲᠤᠯᠠᠬᠤ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠴᠠ ᠨᠠᠰᠤᠨ ᠤ ᠠᠮᠠᠷᠠᠯᠲᠠ ᠠᠪᠤᠭᠰᠠᠨ ᠬᠥᠮᠦᠰ ᠤᠨ ᠨᠡᠶᠢᠭᠡᠮᠴᠢᠯᠡᠭᠰᠡᠨ  ᠬᠠᠮᠢᠶᠠᠷᠤᠯᠲᠠ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ  ᠭᠦᠢᠴᠡᠳ ᠣᠶᠢᠯᠠᠭᠠᠵᠤ᠂ ᠬᠠᠷᠠᠯᠲᠠ ᠱᠠᠭᠠᠷᠳᠠᠯᠭ᠎ᠠ ᠪᠠᠨ  ᠲᠤᠳᠤᠷᠬᠠᠶᠢᠯᠠᠨ᠂ ᠭᠤᠣᠯᠳᠠᠯᠭ᠎ᠠ ᠲᠠᠢ ᠭᠤᠭᠴᠤᠭ᠎ᠠ ᠶᠢ ᠡᠵᠡᠮᠳᠡᠵᠦ᠂ ᠠᠵᠢᠯ ᠤᠨ ᠥᠷᠨᠢᠯᠲᠡ ᠶᠢ ᠴᠢᠩᠭ᠎ᠠ ᠪᠣᠳᠠᠲᠠᠢ ᠨᠠᠷᠢᠯᠢᠭ  ᠠᠬᠢᠭᠤᠯᠬᠤ ᠬᠡᠷᠡᠭᠲᠡᠢ ᠭᠡᠵᠡᠢ᠃ ᠶᠢᠨ ᠶᠠᠨ ᠴᠧᠨ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠲᠠ ᠶᠢᠨ ᠨᠠᠮ ᠤᠨ ᠬᠤᠷᠢᠶᠠᠨ ᠤ ᠶᠡᠷᠦᠩᠬᠡᠶ ᠲᠣᠬᠢᠷᠠᠭᠤᠯᠤᠯᠲᠠ ᠶᠢ ᠴᠢᠩᠭ᠎ᠠ  ᠵᠢᠷᠤᠮᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠵᠢᠭᠠᠵᠤ  ᠭᠠᠷᠭᠠᠭᠰᠠᠨ 4 ᠲᠠᠯ᠎ᠠ ᠶᠢᠨ 22 ᠠᠰᠠᠭᠤᠳᠠᠯ ᠢ ᠴᠢᠩᠭ᠎ᠠ ᠠᠩᠬᠠᠷᠴᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ ᠵᠠᠯᠠᠷᠠᠭᠤᠯᠤᠨ᠎ᠠ᠃  ᠶᠤᠸᠠᠨ ᠪᠦᠦ ᠱᠠᠨ ᠲᠣᠭᠤᠷᠢᠭ ᠨᠢ ᠤᠯᠤᠰ ᠤᠨ ᠥᠮᠴᠢᠯᠡᠯᠲᠦ ᠠᠵᠤ ᠠᠬᠤᠶᠢᠯᠠᠯ ᠎ ᠠᠴᠠ ᠨᠠᠰᠤᠨ ᠤ ᠠᠮᠠᠷᠠᠯᠲᠠ ᠠᠪᠤᠭᠰᠠᠨ ᠬᠥᠮᠦᠰ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠠᠵᠢᠯ ᠢ ᠢᠳᠡᠪᠬᠢᠲᠡᠶ ᠪᠠᠷ ᠰᠠᠶᠢᠲᠤᠷ ᠬᠢᠵᠦ᠂ ᠬᠤᠯᠪᠣᠭᠳᠠᠯ ᠪᠦᠬᠦᠢ ᠠᠰᠠᠭᠤᠳᠠᠯ ᠢ ᠲᠣᠬᠢᠲᠠᠶ  ᠰᠢᠢᠳᠪᠦᠷᠢᠯᠡᠨ᠂ ᠡᠮᠬᠢ ᠵᠢᠷᠤᠮ ᠲᠠᠢ ᠪᠠᠷ ᠰᠢᠯᠵᠢᠭᠦᠯᠦᠨ  ᠲᠤᠰᠢᠶᠠᠵᠤ᠂ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠪᠠᠲᠤᠯᠠᠵᠤ᠂ ᠶᠤᠸᠠᠨ ᠪᠦᠦ ᠱᠠᠨ ᠲᠣᠭᠤᠷᠢᠭ ᠤᠨ ᠠᠵᠤ ᠠᠬᠤᠶ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠬᠥᠭᠵᠢᠯᠲᠡ ᠳᠤ ᠪᠠᠲᠤᠯᠠᠭ᠎ᠠ  ᠬᠠᠩᠭᠠᠨ᠎ᠠ ᠭᠡᠵᠡᠢ᠃
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1