| | 9 ᠰᠠᠷ᠎ᠠ ᠶᠢᠨ 1 ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ | ᠶᠦᠩ ᠣᠷᠣᠨ ᠤ ᠰᠤᠷᠭᠠᠨ ᠬᠥᠮᠦᠵᠢᠯ ᠤᠨ ᠲᠣᠪᠴᠢᠶᠠᠨ ᠤ ᠪᠠᠶᠢᠭᠤᠯᠭ᠎ᠠ᠂ ᠲᠣᠭᠤᠷᠢᠭ ᠤᠨ ᠰᠢᠭᠤᠳ ᠬᠠᠷᠢᠶ᠎ᠠ | ᠭᠤᠷᠪᠠᠳᠤᠭᠠᠷ ᠬᠡᠤᠬᠡᠳ ᠤᠨ ᠴᠡᠴᠡᠷᠯᠢᠭ᠂ ᠲᠣᠭᠤᠷᠢᠭ ᠤᠨ ᠰᠢᠭᠤᠳ ᠬᠠᠷᠢᠶ᠎ᠠ ᠳᠥᠷᠪᠡᠳᠦᠭᠡᠷ ᠬᠡᠤᠬᠡᠳ ᠤᠨ | ᠴᠡᠴᠡᠷᠯᠢᠭ᠂ ᠲᠣᠭᠤᠷᠢᠭ ᠤᠨ ᠰᠢᠭᠤᠳ ᠬᠠᠷᠢᠶ᠎ᠠ ᠲᠠᠪᠤᠳᠤᠭᠠᠷ ᠬᠡᠤᠬᠡᠳ ᠤᠨ ᠴᠡᠴᠡᠷᠯᠢᠭ᠂ ᠲᠤᠷᠰᠢᠯᠲᠠ ᠶᠢᠨ | ᠳᠤᠮᠳᠠᠳᠤ ᠰᠤᠷᠭᠠᠭᠤᠯᠢ᠂ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ᠂ ᠲᠣᠭᠤᠷᠢᠭ ᠤᠨ ᠬᠤᠶᠠᠳᠤᠭᠠᠷ | ᠳᠤᠮᠳᠠᠳᠤ ᠰᠤᠷᠭᠠᠭᠤᠯᠢ ᠶᠢᠨ ᠾᠧ ᠫᠢᠩ ᠨᠡ ᠭᠦᠷᠡᠰᠦᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ | ᠬᠦᠷᠴᠦ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠠᠬ ᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠴᠢ ᠰᠤᠷᠭᠠᠨ | ᠬᠥᠮᠦᠵᠢᠯ ᠤᠨ ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠵᠧᠤ ᠵᠠᠨ ᠯᠢ᠂ ᠲᠣᠭᠤᠷ ᠢᠭ ᠤᠨ | ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠩ ᠷᠦᠢ ᠪᠦᠦ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | | | | | ᠸᠠᠩ ᠶᠦᠩ ᠬᠦᠷᠦᠭᠰᠡᠨ ᠰᠤᠷᠭᠠᠭᠤᠯᠢ ᠪᠤᠯᠭᠠᠨ ᠳᠤ ᠠᠵᠢᠯ ᠤᠨ ᠶᠡᠷᠦᠩᠬᠡᠶ ᠬᠠᠷᠢᠭᠤ ᠮᠡᠳᠡᠭᠦᠯᠦᠯᠲᠡ ᠶᠢ ᠨᠢ | ᠨᠠᠷᠢᠨ ᠨᠢᠮᠪᠠᠶ ᠰᠣᠨᠣᠰᠴᠤ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠣᠷᠣᠭᠴᠢ ᠡᠯᠰᠡᠬᠦ | ᠂ ᠰᠤᠷᠭᠠᠭᠤᠯᠢ ᠶᠢᠨ ᠬᠦᠷᠢᠶᠡᠨ ᠤ ᠰᠣᠶᠣᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠪᠠᠭᠰᠢ ᠶᠢᠨ | ᠪᠦᠯᠬᠦᠮ ᠨᠡᠶᠢᠲᠡ᠂ ᠬᠦᠭᠵᠢᠯᠲᠡ ᠶᠢᠨ ᠴᠢᠭᠯᠡᠯ ᠵᠡᠷᠭᠡ ᠪᠠᠶᠢᠳᠠᠯ ᠢ ᠨᠠᠷᠢᠨ ᠠᠰᠠᠭᠤᠨ ᠤᠶᠢᠯᠠᠭᠠᠪᠠ᠃ ᠸᠠᠩ ᠶᠦᠩ | ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠪᠣᠯ ᠦᠨᠳᠦᠰᠦᠲᠡᠨ ᠤ ᠬᠥᠭᠵᠢᠯ ᠮᠠᠨᠳᠤᠯ᠂ ᠨᠡᠶᠢᠭᠡᠮ ᠤᠨ | ᠲᠠᠪᠰᠢᠯᠳᠠ ᠶᠢᠨ ᠴᠢᠬᠤᠯᠠ ᠰᠠᠭᠤᠷᠢ ᠮᠦᠨ᠂ ᠥᠨᠢ ᠡᠭᠦᠷᠢᠳᠡ ᠠᠰᠢᠭ ᠲᠤᠰᠠ ᠬᠦᠷᠳᠡᠬᠦ ᠶᠣᠰᠣ ᠰᠤᠷᠲᠠᠬᠤᠨ ᠤ | ᠢᠨᠵᠧᠨᠧᠷᠢᠩ ᠮᠥᠨ᠃ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠦᠢᠯᠡᠰ ᠤᠨ | ᠬᠥᠭᠵᠢᠯᠲᠡ ᠶᠢᠨ ᠲᠤᠬᠠᠶ ᠴᠢᠬᠤᠯᠠ ᠦᠭᠦᠯᠡᠯᠲᠡ ᠶᠢ ᠭᠦᠨᠵᠡᠭᠡᠶ ᠰᠤᠷᠤᠯᠴᠠᠨ ᠲᠣᠣᠱᠯᠠᠭᠤᠯᠵᠤ᠂ ᠠᠷᠠᠳ | ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠮᠠᠨ ᠤ ᠲᠤᠭᠤᠷᠢᠭ ᠤᠨ | ᠰᠤᠷᠭᠠᠨ ᠬᠥᠮᠦᠵᠢᠯ ᠤᠨ ᠪᠠᠶᠢᠷᠢᠯᠠᠭᠤᠯᠤᠯᠲᠠ ᠶᠢ ᠵᠦᠶ ᠵᠣᠬᠢᠰᠲᠠᠶ ᠲᠥᠯᠥᠪᠵᠢᠭᠦᠯᠵᠦ᠂ ᠰᠤᠷᠭᠠᠨ ᠬᠥᠮᠦᠵᠢᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠤᠷᠭᠠᠨ ᠬᠥᠮᠦᠵᠢᠯ ᠤᠨ ᠣᠷᠣᠭᠤᠯᠤᠯᠲᠠ ᠪᠠᠨ | ᠲᠠᠰᠤᠷᠠᠯᠲᠠ ᠦᠭᠡᠢ ᠨᠡᠮᠡᠭᠳᠡᠭᠦᠯᠵᠦ᠂ ᠰᠤᠷᠭᠠᠭᠤᠯᠢ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠰᠤᠷᠭᠠᠭᠤᠯᠢ ᠶᠢ | ᠬᠠᠪᠰᠤᠷᠤᠨ ᠠᠰᠠᠭᠤᠳᠠᠯ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠂ ᠡᠯ᠎ᠡ ᠰᠤᠷᠭᠠᠭᠤᠯᠢ ᠶᠢ ᠵᠠᠪᠠᠯ | ᠵᠥᠭᠡᠯᠡᠨ ᠪᠣᠳᠠᠲᠤ ᠬᠦᠴᠦᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠤᠷᠭᠠᠭᠤᠯᠢ ᠶᠢᠨ ᠠᠯᠤᠰ | ᠬᠡᠳᠦ ᠶᠢᠨ ᠬᠥᠭᠵᠢᠯᠲᠡ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠬᠦ ᠬᠡᠷᠡᠭᠲᠡᠢ ᠭᠡᠵᠦ ᠱᠠᠭᠠᠷᠳᠠᠪᠠ᠃ | | | | ᠸᠠᠩ ᠶᠦᠩ ᠴᠢᠬᠤᠯᠠᠴᠢᠯᠠᠭᠰᠠᠨ ᠨᠢ᠂ ᠰᠢᠨ᠎ᠡ ᠰᠤᠷᠤᠯᠭ᠎ᠠ ᠶᠢᠨ ᠣᠨ ᠡᠬᠢᠯᠡᠩᠭᠦᠳᠡ ᠪᠠᠨ᠂ ᠰᠤᠷᠤᠭᠴᠢᠳ | ᠰᠤᠷᠭᠠᠭᠤᠯᠢ ᠶᠢᠨ ᠬᠦᠷᠢᠶᠡᠨ ᠳᠡᠭᠡᠨ ᠪᠤᠴᠠᠵᠤ᠂ ᠬᠠᠮᠲᠤ ᠰᠤᠷᠤᠯᠴᠠᠵᠤ᠂ ᠬᠠᠮᠲᠤ ᠠᠮᠢᠳᠤᠷᠠᠨ᠂ ᠰᠤᠷᠭᠠᠭᠤᠯᠢ ᠨᠢ | ᠬᠥᠮᠦᠨ ᠣᠯᠠᠨ ᠴᠤᠭᠯᠠᠷᠠᠬᠤ ᠭᠠᠵᠠᠷ ᠪᠣᠯᠵᠤ᠂ ᠨᠠᠮᠤᠷ ᠡᠪᠦᠯ ᠤᠨ ᠤᠯᠠᠷᠢᠯ ᠤᠨ ᠬᠠᠯᠳᠠᠪᠤᠷᠢᠲᠤ ᠲᠠᠭᠰᠢᠭᠤᠷ ᠪᠣᠯᠤᠨ | ᠰᠢᠨ᠎ᠡ ᠲᠢᠲᠢᠮ ᠬᠢᠵᠢᠭ ᠤᠨ ᠪᠠᠶᠢᠳᠠᠯ ᠳᠠᠪᠬᠤᠴᠠᠬᠤ ᠲᠦᠭᠰᠢᠭᠦᠷᠢ ᠳᠤ ᠲᠤᠯᠭᠠᠷᠠᠬᠤ ᠲᠤᠯᠠ᠂ ᠰᠤᠷᠭᠠᠭᠤᠯᠢ ᠶᠢᠨ | ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠤᠯᠠᠷᠠᠭᠤᠯᠵᠤ ᠪᠣᠯᠬᠤ ᠥᠬᠡᠶ᠃ ᠬᠢᠵᠢᠭ ᠤᠨ | ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠬᠢᠵᠠᠭᠠᠷᠯᠠᠬᠤ ᠰᠢᠨ᠎ᠡ ᠪᠠᠶᠢᠳᠠᠯ ᠳᠣᠣᠷ᠎ᠠ᠂ ᠰᠤᠷᠭᠠᠭᠤᠯᠢ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠰᠤᠷᠭᠠᠭᠤᠯᠢ ᠡᠬᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ | ᠱᠤᠭᠤᠮ ᠢ ᠦᠨᠡᠨᠬᠦ ᠪᠠᠲᠤ ᠰᠠᠬᠢᠬᠤ ᠬᠡᠷᠡᠭᠲᠡᠶ᠃ ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠠᠲᠤᠯᠠᠭᠰᠠᠨ | ᠤᠷᠢᠲᠠᠯ ᠳᠣᠤᠷ᠎ᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠬᠦ ᠬᠡᠷᠡᠭᠲᠡᠶ᠃ | | | | | | | | ᠫᠢᠩᠵᠤᠸᠠᠩ ᠨᠡᠭᠦᠷᠡᠰᠦᠨ ᠠᠭᠤᠷᠬᠠᠢ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠭᠤᠯᠠᠨ ᠭᠡᠷ᠂ | ᠪᠠᠶᠢᠷᠢ ᠶᠢ ᠥᠭᠡᠷᠡᠴᠢᠯᠡᠨ ᠪᠠᠶᠢᠭᠤᠯᠬᠤ᠂ ᠲᠣᠭᠤᠷᠢᠭ ᠤᠨ ᠰᠢᠭᠤᠳ ᠬᠠᠷᠢᠶ᠎ᠠ ᠳᠥᠷᠪᠡᠳᠦᠭᠡᠷ ᠬᠡᠤᠬᠡᠳ ᠤᠨ | ᠴᠡᠴᠡᠷᠯᠢᠭ ᠵᠡᠷᠭᠡ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠲᠥᠷᠥᠯ ᠵᠦᠢᠯ ᠤᠨ ᠠᠬᠢᠴᠠ ᠵᠢᠴᠢ ᠪᠦᠲᠦᠭᠡᠨ | ᠪᠠᠶᠢᠭᠤᠯᠤᠯᠲᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠬᠤ ᠤᠨ ᠬᠠᠮᠲᠤ ᠸᠠᠩ ᠶᠦᠩ ᠵᠢᠭᠠᠵᠤ | ᠭᠠᠷᠭᠠᠭᠰᠠᠨ ᠨᠢ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠪᠣᠯ ᠠᠷᠠᠳ ᠤᠨ ᠠᠮᠢᠳᠤᠷᠠᠯ ᠤᠨ ᠴᠢᠬᠤᠯᠠ | ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠬᠤ ᠪᠥᠭᠡᠳ ᠪᠦᠬᠦ ᠲᠤᠭᠤᠷᠢᠭ ᠤᠨ ᠰᠤᠷᠭᠠᠭᠤᠯᠢ | ᠡᠷᠬᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠬᠤ᠂ ᠰᠤᠷᠭᠠᠨ ᠬᠥᠮᠦᠵᠢᠯ ᠢ ᠲᠡᠩᠴᠡᠭᠦᠷᠢᠲᠡᠶ | ᠬᠥᠭᠵᠢᠭᠦᠯᠬᠦ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠤᠷᠭᠠᠨ ᠬᠥᠮᠦᠵᠢᠯ ᠢ ᠡᠩ | ᠲᠡᠷᠢᠭᠦᠨ ᠳᠤ ᠬᠥᠭᠵᠢᠭᠦᠯᠬᠦ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠰᠤᠷᠭᠠᠭᠤᠯᠢ ᠡᠷᠬᠢᠯᠡᠬᠦ ᠨᠥᠬᠦᠴᠡᠯ ᠢ | ᠬᠦᠴᠦᠯᠡᠨ ᠰᠠᠶᠢᠵᠢᠷᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ | ᠬᠦᠴᠦ ᠣᠷᠣᠭᠤᠯᠵᠤ ᠪᠠᠶᠢᠭᠠᠳ ᠳᠤᠲᠠᠭᠤᠳᠠᠯ ᠢᠶᠠᠨ ᠨᠥᠬᠦᠪᠥᠷᠢᠯᠡᠨ᠂ ᠠᠷᠠᠳ ᠲᠦᠮᠡᠨ ᠤ ᠬᠡᠷᠡᠭᠴᠡᠭᠡ ᠶᠢ | ᠲᠠᠰᠤᠷᠠᠯᠲᠠ ᠦᠭᠡᠢ ᠬᠠᠩᠭᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ | ᠰᠠᠶᠢᠲᠤᠷ ᠡᠷᠬᠢᠯᠡᠬᠦ ᠬᠡᠷᠡᠭᠲᠡᠢ᠃ ᠪᠠᠷᠢᠯᠭ᠎ᠠ ᠶᠢᠨ ᠬᠤᠭᠤᠴᠠᠭ᠎ᠠ ᠶᠢ ᠠᠳᠬᠤᠵᠤ᠂ ᠠᠬᠢᠴᠠ ᠶᠢ ᠱᠠᠯᠠᠪᠳᠠᠨ᠂ | ᠯᠠᠪᠳᠠᠭᠤᠨ ᠪᠦᠲᠦᠮᠵᠢᠲᠡᠶ ᠠᠷᠭ ᠠ ᠬᠡᠮᠵᠢᠶ᠎ᠡ ᠠᠪᠴᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠪᠠᠷ | ᠲᠦᠯᠬᠢᠨ ᠠᠬᠢᠭᠤᠯᠵᠤ᠂ ᠪᠠᠷᠢᠯᠭ᠎ᠠ ᠪᠠᠷᠢᠬᠤ ᠲᠤᠬᠠᠶ ᠶᠢᠨ ᠲᠠᠯᠠᠪᠠᠢ ᠶᠢᠨ ᠬᠠᠮᠢᠶᠠᠷᠤᠯᠲᠠ ᠶᠢ ᠴᠢᠩᠭᠠᠳᠬᠠᠵᠤ᠂ | ᠢᠨᠵᠧᠨᠧᠷᠢᠩ ᠤᠨ ᠠᠮᠤᠷ ᠲᠦᠪᠰᠢᠨ ᠶᠠᠰᠤ ᠴᠢᠨᠠᠷ ᠢ ᠰᠠᠶᠢᠲᠤᠷ ᠠᠳᠬᠤᠵᠤ᠂ ᠪᠦᠲᠦᠭᠡᠨ ᠪᠠᠶᠢᠭᠤᠯᠤᠯᠲᠠ ᠶᠢᠨ | ᠡᠭᠦᠷᠭᠡ ᠪᠠᠨ ᠴᠠᠭ ᠬᠤᠭᠤᠴᠠᠭ᠎ᠠ ᠶᠣᠰᠣᠭᠠᠷ᠂ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠪᠦᠬᠦ | ᠲᠤᠭᠤᠷᠢᠭ ᠤᠨ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ | ᠬᠡᠷᠡᠭᠲᠡᠶ ᠭᠡᠵᠡᠢ᠃ | ︵ᠰᠦᠨ ᠶᠠᠨ ᠸᠠᠩ ᠬᠤᠤ ᠷᠠᠨ︶ | |