ᠼᠤᠤ ᡁᠢ ᠶᠦᠩ ᠶᠤᠸᠠᠨ ᠪᠦᠦ ᠱᠠᠨ  ᠪᠠᠯᠭᠠᠰᠤ ᠹᠧᠩ ᠱᠦᠶ ᠭᠸᠦ ᠪᠠᠯᠭᠠᠰᠤᠨ ᠳᠤ ᠬᠦᠷᠴᠦ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ  ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/9/9
   9 ᠰᠠᠷ᠎ᠠ ᠶᠢᠨ 3᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ  ᠳᠠᠷᠤᠭ᠎ᠠ ᠼᠤᠤ ᡁᠢ ᠶᠦᠩ ᠶᠤᠸᠠᠨ ᠪᠦᠦ ᠱᠠᠨ ᠪᠠᠯᠭᠠᠰᠤ ᠪᠠ ᠹᠧᠩ ᠱᠦᠶ ᠭᠸᠦ ᠪᠠᠯᠭᠠᠰᠤᠨ ᠳᠤ ᠭᠦᠨᠵᠡᠭᠡᠶᠢᠷᠡᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ᠂  ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ  ᠶᠢᠨ ᠵᠥᠪᠯᠡᠯ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
  ᠪᠠᠶᠢᠴᠠᠭᠠᠨ  ᠰᠤᠳᠤᠯᠬᠤ ᠶᠠᠪᠤᠴᠠ ᠳᠤ᠂ ᠼᠤᠤ ᡁᠢ ᠶᠦᠩ  ᠬᠤᠶᠠᠷ  ᠪᠠᠯᠭᠠᠰᠤᠨ ᠤ 2020 ᠣᠨ ᠤ ᠭᠤᠤᠯᠳᠠᠯᠭ᠎ᠠ ᠲᠠᠢ ᠲᠥᠷᠥᠯ  ᠵᠦᠢᠯ ᠤᠨ ᠠᠬᠢᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠷᠢᠳ ᠬᠤᠵᠢᠳ ᠶᠤᠸᠠᠨ ᠪᠦᠦ ᠱᠠᠨ ᠪᠠᠯᠭᠠᠰᠤ ᠶᠢᠨ ᠲᠠᠪᠤᠨ ᠤᠰᠤ ᠲᠣᠰᠬᠤᠨ ᠤ ᠳᠤᠯᠠᠭᠠᠨ ᠫᠧᠩ ᠵᠢᠴᠢ ᠳᠠᠭᠠᠯᠲᠠ  ᠲᠦᠬᠦᠭᠡᠷᠦᠮᠵᠢ ᠶᠢᠨ ᠲᠥᠷᠥᠯ  ᠵᠦᠢᠯ᠂  ᠨᠤᠲᠤᠭ ᠨᠡᠭᠦᠯᠭᠡᠨ ᠶᠠᠳᠠᠭᠤ ᠶᠢ ᠲᠡᠳᠬᠦᠬᠦ  ᠴᠢᠭ ᠤᠨ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠪᠠ ᠨᠠᠯᠠᠤ ᠭᠠᠵᠠᠷ ᠶᠢ  ᠬᠠᠮᠠᠭᠠᠯᠠᠬᠤ ᠲᠥᠷᠥᠯ  ᠵᠦᠢᠯ᠂ ᠤᠯᠠᠭᠠᠨᠬᠠᠳᠠ ᠶᠢᠨ ᠮᠧᠩ ᠳ᠋ᠢᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠣᠷᠭᠠᠨᠢᠭ ᠪᠣᠷᠳᠣᠭᠤᠷ᠂ ᠠᠮᠢᠳᠤ ᠪᠣᠳᠠᠰ ᠤᠨ ᠪᠣᠷᠳᠣᠭᠤᠷ ᠤᠨ ᠲᠥᠷᠥᠯ  ᠵᠦᠢᠯ᠂  ᠸᠧᠨ ᠣᠪᠣᠭᠲᠤ ᠶᠢᠨ  ᠮᠤᠳᠤᠲᠤ ᠭᠤᠤ ᠭᠠᠭ᠋ᠠᠶ ᠶᠢᠨ ᠲᠠᠯᠠᠪᠠᠶ ᠶᠢᠨ ᠬᠤᠶᠠᠳᠤᠭᠠᠷ ᠬᠤᠭᠤᠴᠠᠭᠠᠨ ᠤ ᠲᠥᠷᠥᠯ  ᠵᠦᠢᠯ ᠂ ᠹᠧᠩ ᠱᠦᠶ ᠭᠸᠦ ᠪᠠᠯᠭᠠᠰᠤᠨ ᠤ ᠴᠢᠩ ᠲᠠᠢ ᠲᠠᠷᠢᠶᠠᠯᠠᠩ ᠤᠨ ᠠᠮᠢ ᠠᠬᠤᠢ ᠶᠢᠨ ᠲᠡᠵᠢᠭᠡᠨ ᠦᠷᠡᠵᠢᠭᠦᠯᠬᠦ ᠪᠣᠷᠳᠣᠬᠤ  ᠰᠠᠭᠤᠷᠢᠨ ᠭᠠᠵᠠᠷ ᠤᠨ ᠲᠥᠷᠥᠯ ᠵᠦᠢᠯ᠂ ᠮᠤ᠋ ᠯᠠᠨ ᠱᠠᠨ ᠲᠢᠶᠠᠨ ᠶᠤᠸᠠᠨ ᠶᠡᠷᠦᠩᠬᠡᠶᠢᠯᠡᠭᠰᠡᠨ ᠴᠣᠭᠴᠠ ᠶᠢᠨ  ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠤᠯᠠᠭᠠᠨᠬᠠᠳᠠ ᠶᠢᠨ ᠴᠤᠤ  ᠶᠦᠸᠧ ᠲᠠᠷᠢᠶᠠᠯᠠᠩ ᠤᠨ ᠮᠢᠬᠠᠨ ᠤ ᠦᠬᠡᠷ  ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠤᠯᠠᠭᠠᠨᠬᠠᠳᠠ ᠶᠢᠨ ᠦ ᠶᠤᠸᠠᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ  ᠮᠠᠲ᠋ᠧᠷᠢᠶᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠭᠠᠵᠠᠷ ᠤᠷᠤᠨ ᠳᠤ ᠭᠦᠨᠵᠡᠭᠡᠶᠢᠷᠡᠨ᠂ ᠲᠥᠷᠥᠯ  ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠬᠥᠭᠵᠢᠯᠲᠡ ᠶᠢᠨ ᠢᠷᠡᠭᠡᠳᠦᠶ ᠵᠡᠷᠭᠡ ᠪᠠᠶᠢᠳᠠᠯ ᠢ  ᠨᠠᠷᠢᠨ  ᠤᠶᠢᠯᠠᠭᠠᠵᠠᠢ᠃
    ᠶᠤᠸᠠᠨ ᠪᠤᠤ ᠱᠠᠨ ᠪᠠᠯᠭᠠᠰᠤᠨ ᠳᠤ ᠪᠠᠶᠢᠴᠠᠭᠠᠨ ᠰᠤᠳᠤᠯᠬᠤ ᠳᠠᠭᠠᠨ ᠼᠤᠤ ᡁᠢ ᠶᠦᠩ ᠴᠢᠬᠤᠯᠠᠴᠢᠯᠠᠭᠰᠠᠨ ᠨᠢ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠣᠯᠤᠨ ᠲᠦᠭᠰᠢᠭᠦᠷᠢᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠢ ᠲᠦᠷᠭᠡᠨ ᠠᠬᠢᠭᠤᠯᠬᠤ ᠬᠡᠷᠡᠭᠲᠡᠢ᠃ ︽ᠵᠣᠷᠯᠣᠩ ᠤᠨ ᠬᠤᠪᠢᠰᠬᠠᠯ︾᠎ ᠢ ᠥᠷᠨᠢᠭᠦᠯᠬᠦ ᠪᠣᠯ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ  ᠴᠡᠭᠴᠡᠯᠡᠨ ᠵᠠᠰᠠᠬᠤ ᠢᠨᠵᠧᠨᠧᠷᠢᠩ  ᠤᠨ ᠴᠢᠬᠤᠯᠠ ᠪᠦᠷᠢᠯᠳᠦᠬᠦᠨ ᠬᠡᠰᠡᠭ ᠪᠣᠯᠬᠤ ᠶᠢ  ᠭᠦᠢᠴᠡᠳ ᠲᠠᠨᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠰᠠᠭᠤᠷᠢ ᠴᠢᠨᠠᠷᠲᠠᠶ ᠢᠨᠵᠧᠨᠧᠷᠢᠩ ᠪᠠᠶᠢᠵᠤ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠴᠠᠭ ᠬᠤᠭᠤᠴᠠᠭᠠᠨ ᠤ ᠲᠠᠩᠰᠠ ᠪᠠᠨ ᠰᠠᠶᠢᠲᠤᠷ ᠪᠤᠳᠤᠵᠤ᠂ ︽ᠵᠣᠷᠯᠣᠩ ᠤᠨ ᠬᠤᠪᠢᠰᠬᠠᠯ︾᠎ ᠤᠨ ᠠᠵᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠶᠠᠰᠤ ᠴᠢᠨᠠᠷ ᠪᠠ ᠲᠤᠭ᠎ᠠ ᠬᠡᠮᠵᠢᠶ᠎ᠡ ᠶᠢ  ᠪᠠᠲᠤᠯᠠᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠳᠠᠪᠤᠷᠢ ᠪᠠᠨ ᠬᠦᠴᠦᠯᠡᠨ ᠳᠡᠰ ᠳᠡᠪᠰᠢᠭᠦᠯᠵᠦ᠂ ᠠᠷᠠᠯᠵᠢᠶᠠᠴᠢᠨ ᠤᠷᠢᠵᠤ ᠪᠡᠯᠡ ᠲᠠᠲᠠᠬᠤ ᠣᠶᠢᠯᠠᠭᠠᠭᠳᠠᠬᠤᠨ ᠪᠠ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂  ᠲᠤᠰ ᠭᠠᠵᠠᠷ ᠤᠨ ᠳᠠᠪᠠᠭᠤᠯᠢᠭ ᠲᠠᠭᠠᠨ ᠰᠠᠭᠤᠷᠢᠯᠠᠵᠤ᠂ ᠣᠨᠴᠠᠯᠢᠭᠲᠤ ᠲᠥᠷᠥᠯ ᠵᠦᠢᠯ ᠢ  ᠳᠤᠪᠤᠶᠢᠯᠠᠭᠠᠬᠤ  ᠬᠡᠷᠡᠭᠲᠡᠢ᠃     ᠹᠧᠩ ᠱᠦᠶ ᠭᠸᠦ ᠪᠠᠯᠭᠠᠰᠤᠨ ᠳᠤ ᠪᠠᠶᠢᠴᠠᠭᠠᠨ ᠰᠤᠳᠤᠯᠬᠤ ᠳᠠᠭᠠᠨ ᠼᠤᠤ ᡁᠢ ᠶᠦᠩ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂  ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠪᠠᠷᠢᠯᠭ᠎ᠠ ᠶᠢᠨ ᠠᠵᠢᠯ ᠤᠨ ᠠᠬᠢᠴᠠ ᠪᠠ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠪᠠᠷᠢᠯᠭ᠎ᠠ ᠪᠠᠷᠢᠬᠤ ᠲᠥᠰᠦᠯ ᠤᠨ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠶᠢᠬᠤ ᠶᠢ ᠦᠨᠡᠨᠬᠦ  ᠪᠠᠲᠤᠯᠠᠨ᠂  ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ  ᠠᠬᠢᠭᠤᠯᠵᠤ᠂ ᠲᠥᠷᠥᠯ  ᠵᠦᠢᠯ ᠤᠨ ᠪᠠᠶᠢᠷᠢᠰᠢᠭᠤᠯᠤᠯ ᠢ ᠵᠦᠶ ᠵᠣᠬᠢᠰᠲᠠᠶ ᠲᠥᠯᠥᠪᠵᠢᠭᠦᠯᠵᠦ᠂ ᠣᠳᠣ ᠶᠢᠨ  ᠪᠠᠶᠢᠭ᠎ᠠ ᠲᠥᠷᠥᠯ  ᠵᠦᠢᠯ ᠢ ᠡᠮᠬᠢᠯᠡᠨ ᠨᠡᠶᠢᠯᠡᠭᠦᠯᠵᠦ᠂ ᠬᠠᠮᠵᠢᠯᠴᠠᠬᠤ ᠳᠠᠪᠠᠭᠤᠯᠢᠭ ᠢ ᠪᠤᠢ  ᠪᠤᠯᠭᠠᠨ᠂  ᠠᠳᠠᠯᠢ  ᠢᠵᠢᠯᠰᠢᠭᠦᠯᠬᠦ  ᠦᠷᠢᠰᠦᠯᠳᠦᠭᠡᠨ ᠠᠴᠠ ᠵᠠᠶᠢᠯᠠᠰᠬᠢᠬᠦ ᠬᠡᠷᠡᠭᠲᠡᠶ᠃
    ᠼᠤᠤ ᡁᠢ ᠶᠦᠩ ᠴᠢᠬᠤᠯᠠᠴᠢᠯᠠᠭᠰᠠᠨ ᠨᠢ᠂ ᠠᠶᠤᠯᠭᠦᠶ  ᠦᠢᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠭᠦᠶ  ᠦᠢᠯᠡᠳᠪᠦᠷᠢᠯᠡᠯ ᠤᠨ  ᠳᠦᠷᠢᠮ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠬᠠᠶ ᠶᠢᠨ ᠲᠠᠯᠠᠪᠤᠷ ᠤᠨ ᠬᠠᠮᠢᠶᠠᠷᠤᠨ ᠡᠵᠡᠮᠳᠡᠬᠦ ᠶᠢ  ᠴᠢᠩᠭᠠᠳᠬᠠᠨ᠂ ᠠᠷᠭ᠎ᠠ ᠬᠡᠮᠵᠢᠶ᠎ᠡ ᠶᠢᠨ  ᠨᠠᠶᠢᠳᠠᠪᠤᠷᠢᠵᠢᠭᠤᠯᠤᠯᠲᠠ ᠶᠢ ᠬᠦᠴᠦᠲᠡᠶ  ᠠᠳᠬᠤᠬᠤ ᠬᠡᠷᠡᠭᠲᠡᠢ᠃ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ  ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠤᠨ ᠂ ᠠᠶᠤᠯᠭᠦᠶ  ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠠᠶᠤᠯᠭᠦᠶ  ᠦᠢᠯᠡᠳᠪᠦᠷᠢᠯᠡᠯ ᠤᠨ ᠡᠯ᠎ᠡ  ᠵᠦᠢᠯ ᠤᠨ  ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠤᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ  ᠢ ᠦᠨᠡᠨᠬᠦ  ᠬᠠᠮᠠᠭᠠᠯᠠᠬᠤ ᠬᠡᠷᠡᠭᠲᠡᠢ ᠭᠡᠵᠡᠢ᠃                                                       ︵ᠼᠠᠢ ᠰᠢᠶᠤᠤ ᠯᠢ       ᠸᠧᠶ ᠱᠠᠨ︶
 
ᠢᠷᠡᠯᠲᠡ᠄ ᠶᠣᠸᠠᠨ ᠪᠣᠣ ᠱᠠᠨ ᠲᠣᠭᠤᠷᠢᠭ ᠎ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1