| | ᠤᠭ ᠵᠣᠬᠢᠶᠠᠯ ᠤᠨ ᠬᠠᠶᠠᠭ᠄ http://www.ybs.gov. | cn/ybsqzf/438763/438823/439495/553313/767778/index.html | ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠶᠤᠸᠠᠨ ᠪᠦᠦ ᠱᠠᠨ | ᠲᠣᠭᠤᠷᠢᠭ ᠤᠨ ᠬᠠᠭᠤᠴᠢᠨ ᠰᠠᠭᠤᠭᠠᠯᠢ ᠲᠣᠭᠤᠷᠢᠭ ᠲᠤ ᠥᠭᠡᠷᠡᠴᠢᠯᠡᠯᠲᠡ ᠬᠢᠵᠦ᠂ ᠰᠠᠭᠤᠷᠢ ᠲᠥᠬᠦᠭᠡᠷᠦᠮᠵᠢ ᠶᠢᠨ | ᠪᠠᠶᠢᠳᠠᠯ ᠢ ᠰᠠᠶᠢᠵᠢᠷᠠᠭᠤᠯᠤᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠎ᠡ᠃ | ᠡᠳᠦᠭᠡ ᠲᠥᠰᠦᠯ ᠤᠨ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ᠡᠭᠦᠷᠭᠡ ᠶᠢᠨ ᠬᠠᠷᠠᠯᠲᠠ | ︵ᠨᠢᠭᠡ︶ ᠥᠭᠡᠷᠡᠴᠢᠯᠡᠬᠦ ᠲᠥᠯᠥᠪᠯᠡᠭᠡ | ᠮᠠᠨ ᠤ ᠲᠤᠭᠤᠷᠢᠭ ᠤᠨ ᠬᠠᠭᠤᠴᠢᠨ ᠰᠠᠭᠤᠭᠠᠯᠢ ᠲᠣᠭᠤᠷᠢᠭ ᠢ ᠲᠠᠪᠤᠨ ᠵᠢᠯ ᠤᠨ ᠲᠥᠯᠥᠪᠯᠡᠭᠡ ᠶᠢᠨ ᠶᠣᠰᠣᠭᠠᠷ | ᠦᠭᠡᠷᠡᠴᠢᠯᠡᠯᠲᠡ ᠶᠢ ᠬᠡᠷᠡᠭᠵᠢᠭᠦᠯᠵᠦ᠂ 2020 ᠣᠨ ᠳᠤ ᠴᠧᠨ ᠭᠤᠸᠠᠩ ᠰᠠᠭᠤᠭᠠᠯᠢ ᠲᠣᠭᠤᠷᠢᠭ᠂ ᠯᠣᠤ ᠶᠢᠨ | ᠾᠧ ᠰᠠᠭᠤᠭᠠᠯᠢ ᠲᠣᠭᠤᠷᠢᠭ᠂ ᠰᠢᠤᠢ ᠷᠢ A ᠲᠣᠭᠤᠷᠢᠭ᠂ ᠰᠢᠩ ᠬᠠᠶ ᠰᠠᠭᠤᠭᠠᠯᠢ ᠲᠣᠭᠤᠷᠢᠭ ᠪᠣᠯᠤᠨ | ᠲᠣᠭᠤᠷᠢᠭ ᠤᠨ ᠰᠢᠭᠤᠳ ᠬᠠᠷᠢᠶ᠎ᠠ ᠰᠠᠭᠤᠭᠠᠯᠢ ᠲᠣᠭᠤᠷᠢᠭ ᠵᠡᠷᠭᠡ 5 ᠲᠣᠭᠤᠷᠢᠭ ᠢ ᠥᠭᠡᠷᠡᠴᠢᠯᠡᠬᠦ ᠲᠤᠷᠰᠢᠯᠲᠠ | ᠬᠢᠨ᠎ᠡ︔ ᠬᠤᠶᠢᠰᠢᠳᠠ ᠣᠨ ᠤ ᠥᠭᠡᠷᠡᠴᠢᠯᠡᠯᠲᠡ ᠶᠢᠨ ᠲᠥᠯᠥᠪᠯᠡᠭᠡ ᠶᠢ ᠳᠡᠭᠡᠳᠦ ᠱᠠᠲᠤᠨ ᠤ ᠲᠥᠷᠥ ᠶᠢᠨ | ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠮᠠᠨ ᠤ | ᠲᠤᠭᠤᠷᠢᠭ ᠤᠨ 2000 ᠣᠨ ᠠᠴᠠ ᠡᠮᠦᠨ᠎ᠡ ᠪᠠᠶᠢᠭᠤᠯᠤᠭᠰᠠᠨ ᠬᠠᠭᠤᠴᠢᠨ ᠰᠠᠭᠤᠭᠠᠯᠢ ᠲᠣᠭᠤᠷᠢᠭ ᠲᠤ | ᠭᠤᠤᠯᠳᠠᠯᠭ᠎ᠠ ᠲᠠᠢ ᠵᠢᠯ ᠳᠠᠷᠠᠭᠠᠯᠠᠨ ᠦᠭᠡᠷᠡᠴᠢᠯᠡᠯᠲᠡ ᠬᠢᠨ᠎ᠡ᠃ | ︵ᠬᠤᠶᠠᠷ︶ ᠥᠭᠡᠷᠡᠴᠢᠯᠡᠬᠦ ᠠᠭᠤᠯᠭ᠎ᠠ | 1. ᠳᠠᠮᠵᠢᠭᠤᠯᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠢᠨᠵᠧᠨᠧᠷᠢᠩ᠃ | 2. ᠰᠠᠭᠤᠷᠢ ᠪᠡᠯᠡᠳᠬᠡᠮᠵᠢ ᠶᠢ ᠥᠭᠡᠷᠡᠴᠢᠯᠡᠬᠦ ᠢᠨᠵᠧᠨᠧᠷᠢᠩ᠃ | 3. ᠣᠷᠴᠢᠨ ᠲᠣᠭᠤᠷᠢᠨ ᠢ ᠴᠡᠭᠴᠡᠯᠡᠨ ᠵᠠᠰᠠᠬᠤ ᠢᠨᠵᠧᠨᠧᠷᠢᠩ᠃ | 4. ᠷᠠᠳᠢᠣ᠋ ᠲᠧᠯᠸᠢᠰ᠂ ᠴᠢᠮᠡᠭᠡ ᠬᠤᠯᠪᠣᠭ᠎ᠠ᠂ ᠰᠢᠲᠠᠮᠠᠬᠠᠶ ᠬᠡᠢ ᠶᠢᠨ ᠬᠤᠭᠤᠯᠠᠶ ᠱᠤᠭᠤᠮ ᠢ ᠥᠭᠡᠷᠡᠴᠢᠯᠡᠬᠦ ᠪᠤᠶᠤ | ᠰᠢᠨ᠎ᠡ ᠪᠠᠷ ᠪᠠᠶᠢᠭᠤᠯᠤᠨ᠎ᠠ᠃ | 5. ᠴᠠᠬᠢᠯᠭᠠᠨ ᠲᠡᠷᠭᠡᠨ ᠤ ᠴᠠᠬᠢᠯᠭᠠᠨ ᠴᠡᠨᠡᠭᠯᠡᠬᠦ ᠱᠣᠩ᠂ ᠬᠢᠨᠠᠨ ᠡᠵᠡᠮᠳᠡᠬᠦ ᠡᠭᠦᠳᠡᠨ ᠬᠤᠷᠢᠭ᠎ᠠ ᠵᠡᠷᠭᠡ ᠠᠮᠤᠷ ᠢ | ᠬᠠᠮᠠᠭᠠᠯᠠᠬᠤ ᠠᠷᠭ᠎ᠠ ᠬᠡᠮᠵᠢᠶ᠎ᠡ᠂ ᠵᠣᠬᠢᠴᠠᠩᠭᠤᠶ ᠲᠡᠷᠭᠡᠨ ᠫᠧᠩ ᠤᠨ ᠪᠡᠯᠡᠳᠬᠡᠮᠵᠢ ᠶᠢ ᠨᠡᠮᠡᠭᠳᠡᠭᠦᠯᠵᠦ᠂ ᠵᠢᠵᠢᠭ | ᠲᠣᠭᠤᠷᠢᠭ ᠤᠨ ᠴᠠᠬᠢᠯᠭᠠᠨ ᠤᠲᠠᠰᠤ ᠳᠤᠷ᠎ᠠ ᠪᠠᠷ ᠢᠶᠠᠨ ᠵᠠᠯᠭᠠᠬᠤ ᠵᠡᠷᠭᠡ ᠠᠮᠤᠷ ᠲᠦᠪᠰᠢᠨ ᠤ ᠳᠠᠯᠳᠠ ᠭᠡᠮ ᠢ | ᠠᠷᠢᠯᠭᠠᠨ᠎ᠠ᠃ | 6. ᠨᠥᠬᠦᠴᠡᠯ ᠪᠦᠷᠢᠳᠦᠭᠰᠡᠨ ᠰᠠᠭᠤᠭᠠᠯᠢ ᠲᠣᠭᠤᠷᠢᠭ ᠲᠤ ᠴᠠᠬᠢᠯᠭᠠᠨ ᠱᠠᠲᠤ ᠨᠡᠮᠡᠵᠦ ᠤᠭᠰᠠᠷᠠᠨ᠎ᠠ᠃ ᠣᠯᠠᠨ | ᠨᠡᠶᠢᠲᠡ ᠶᠢᠨ ᠠᠵᠢᠯᠯᠠᠭ᠎ᠠ ᠶᠢᠨ ᠲᠠᠯᠠᠪᠤᠷ᠂ ᠲᠡᠷᠭᠡᠨ ᠵᠣᠭᠰᠣᠭᠠᠯ ᠲᠤᠬᠢᠷᠠᠭᠤᠯᠤᠨ ᠪᠠᠶᠢᠭᠤᠯᠵᠤ᠂ ᠨᠠᠰᠤᠵᠢᠯ ᠤᠨ | ᠠᠰᠠᠷᠠᠮᠵᠢ᠂ ᠨᠢᠯᠬ᠎ᠠ ᠬᠡᠤᠬᠡᠳ ᠢ ᠠᠰᠠᠷᠠᠬᠤ᠂ ᠡᠮ ᠡᠮᠨᠡᠯᠭᠡ᠂ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ᠂ | ᠰᠠᠭᠠᠳ ᠦᠭᠡᠢ ᠪᠡᠯᠡᠳᠬᠡᠮᠵᠢ ᠵᠡᠷᠭᠡ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ | 7. ᠰᠠᠭᠤᠭᠠᠯᠢ ᠲᠣᠭᠤᠷᠢᠭ ᠯᠤᠭ᠎ᠠ ᠰᠢᠭᠤᠳ ᠬᠤᠯᠪᠣᠭᠳᠠᠬᠤ ᠵᠠᠮ ᠪᠠ ᠣᠯᠠᠨ ᠨᠡᠶᠢᠲᠡ ᠶᠢᠨ ᠵᠠᠮ ᠬᠠᠷᠢᠯᠴᠠᠭ᠎ᠠ | ᠂ ᠴᠢᠮᠡᠭᠡ ᠬᠤᠯᠪᠣᠭ᠎ᠠ᠂ ᠴᠠᠬᠢᠯᠭᠠᠨ ᠬᠠᠩᠭᠠᠬᠤ᠂ ᠤᠰᠤ ᠬᠠᠩᠭᠠᠬᠤ ᠭᠠᠳᠠᠭᠰᠢᠯᠠᠭᠤᠯᠬᠤ᠂ ᠢᠯᠴᠢ ᠬᠠᠩᠭᠠᠬᠤ᠂ ᠬᠡᠢ | ᠬᠠᠩᠭᠠᠬᠤ᠂ ᠲᠡᠷᠭᠡ ᠵᠣᠭᠰᠣᠭᠠᠬᠤ ᠬᠥᠮᠥᠷᠭᠡ ︵ᠲᠠᠯᠠᠪᠠᠢ︶᠂ ᠪᠣᠬᠢᠷ ᠤᠰᠤ ᠬᠢᠭᠡᠳ ᠬᠤᠭ ᠨᠣᠪᠰᠢ ᠰᠢᠢᠳᠪᠦᠷᠢᠯᠡᠬᠦ | ᠵᠡᠷᠭᠡ ᠰᠠᠭᠤᠷᠢ ᠪᠡᠯᠡᠳᠬᠡᠮᠵᠢ ᠶᠢ ᠥᠭᠡᠷᠡᠴᠢᠯᠡᠨ ᠳᠡᠭᠡᠭᠰᠢᠯᠡᠭᠦᠯᠦᠨ᠎ᠡ᠃ | ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠵᠢᠴᠢ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢ ︵ᠲᠣᠪᠴᠢᠯᠠᠪᠠ︶ | ᠭᠤᠷᠪᠠ᠂ ᠠᠵᠢᠯ ᠤᠨ ᠲᠣᠬᠢᠷᠠᠭᠤᠯᠤᠯᠲᠠ | ︵ᠨᠢᠭᠡ︶ ᠪᠡᠯᠡᠳᠬᠡᠬᠦ ᠱᠠᠲᠤ ᠦᠶ᠎ᠡ ︵2020 ᠣᠨ 3 ᠳ᠋ᠤᠭᠠᠷ ᠰᠠᠷ᠎ᠠ — 2020 ᠣᠨ 7 ᠳ᠋ᠤᠭᠠᠷ | ᠰᠠᠷ᠎ᠠ︶ | ︵ᠬᠤᠶᠠᠷ︶ ᠬᠡᠷᠡᠭᠵᠢᠭᠦᠯᠬᠦ ᠱᠠᠲᠤ ᠦᠶ᠎ᠡ ︵2020 ᠣᠨ ᠤ 8 ᠳ᠋ᠤᠭᠠᠷ ᠰᠠᠷ᠎ᠠ — 2021 ᠣᠨ ᠤ | 10 ᠳ᠋ᠤᠭᠠᠷ ᠰᠠᠷ᠎ᠠ︶ | ︵ᠭᠤᠷᠪᠠ︶ ᠰᠢᠯᠭᠠᠨ ᠬᠤᠷᠢᠶᠠᠵᠤ ᠳ᠋ᠦᠩᠨᠡᠬᠦ ᠱᠠᠲᠤ ᠦᠶ᠎ᠡ ︵2021 ᠣᠨ ᠤ 11 ᠳ᠋ᠦᠭᠡᠷ ᠰᠠᠷ᠎ᠠ — | 2021 ᠣᠨ ᠤ 12 ᠳ᠋ᠤᠭᠠᠷ ᠰᠠᠷ᠎ᠠ︶ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠡᠨᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ | ᠢᠳᠡᠪᠬᠢᠲᠡᠢ ᠬᠠᠮᠵᠢᠯᠴᠠᠨ ᠲᠦᠯᠬᠢᠨ ᠠᠬᠢᠭᠤᠯᠬᠤ ᠬᠡᠷᠡᠭᠲᠡᠶ᠃ | ︵ᠬᠤᠶᠠᠷ︶ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠃ | ︵ᠭᠤᠷᠪᠠ︶ ᠰᠠᠭᠤᠭᠠᠯᠢ ᠠᠷᠠᠳ ᠰᠠᠶᠢᠨ ᠳᠤᠷ᠎ᠠ ᠠᠴᠠ ᠪᠠᠨ ᠪᠠᠶᠢᠵᠤ᠂ ᠤᠷᠢᠳᠠᠪᠠᠷ ᠲᠤᠷᠰᠢᠯᠲᠠ ᠬᠢᠬᠦ | ᠬᠡᠷᠡᠭᠲᠡᠶ᠃ | ︵ ᠳᠥᠷᠪᠡ︶ ᠤᠬᠠᠭᠤᠯᠭ᠎ᠠ ᠪᠠᠨ ᠨᠡᠮᠡᠭᠳᠡᠭᠦᠯᠵᠦ᠂ ᠣᠷᠴᠢᠨ ᠠᠬᠤᠶ ᠶᠢ ᠪᠤᠢ ᠪᠣᠯᠭᠠᠬᠤ ᠬᠡᠷᠡᠭᠲᠡᠶ᠃ | ᠲᠠᠶᠢᠯᠤᠮᠵᠢ ᠬᠢᠭᠰᠡᠨ ᠨᠢᠭᠡᠴᠡ᠄ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ |