ᠹᠧᠩ ᠱᠦᠶ ᠭᠸᠦ ᠪᠠᠯᠭᠠᠰᠤ᠄ ︽ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ︾᠎ ᠎ ᠨᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠢᠨ᠎ᠡ ᠬᠠᠭᠤᠳᠠᠰᠤ ᠶᠢ ᠨᠡᠭᠡᠭᠡᠪᠡ
ᠨᠡᠶᠢᠲᠡᠯᠡᠭᠰᠡᠨ ᠴᠠᠭ᠄
2021/1/12
  ᠣᠶᠢᠷ᠎ᠠ ᠳᠤ᠂ ᠹᠧᠩ ᠱᠦᠶ ᠭᠸᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠡᠭᠡᠵᠢᠩ ᠤᠨ ᠡᠦ ᠶᠤᠸᠠᠨ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠪᠣᠯᠤᠨ ᠡᠦ ᠶᠤᠸᠠᠨ ᠰᠢᠶᠠᠨ ᠤ ᠴᠧᠩ ᠮᠧᠨ ᠰᠢᠤᠸᠠᠢ ᠰᠣᠶᠣᠯ ᠤᠨ ᠨᠡᠶᠢᠭᠡᠮᠯᠢᠭ ᠲᠠᠢ ︽ᠬᠤᠳᠠᠯᠳᠤᠭᠠᠴᠢᠨ ᠤᠷᠢᠬᠤ ᠨᠠᠶᠢᠳᠠᠯᠭ᠎ᠠ ᠶᠢᠨ ᠬᠡᠯᠡᠯᠴᠡᠭᠡᠷ ᠤᠨ ᠪᠢᠴᠢᠭ︾ ᠲᠣᠭᠲᠠᠵᠤ᠂ ᠹᠧᠩ ᠱᠦᠶ ᠭᠸᠦ ᠪᠠᠯᠭᠠᠰᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠰᠢᠨ᠎ᠡ ᠬᠠᠭᠤᠳᠠᠰᠤ ᠶᠢ ᠨᠡᠭᠡᠭᠡᠪᠡ᠃   2020 ᠣᠨ ᠠᠴᠠ ᠨᠠᠰᠢ᠂ ᠹᠧᠩ ᠱᠦᠶ ᠭᠸᠦ ᠪᠠᠯᠭᠠᠰᠤ ᠨᠢ ᠣᠲᠣ ᠪᠠᠶᠢᠭ᠎ᠠ ᠠᠵᠤ ᠠᠬᠤᠶᠢᠯᠠᠯ ᠳᠤ ᠦᠢᠯᠡᠴᠢᠯᠡᠬᠦ ᠪᠠᠷ ᠭᠠᠷᠳᠠᠴᠠ ᠪᠣᠯᠭᠠᠨ᠂ ᠬᠠᠲᠠᠭᠤ ᠵᠥᠭᠡᠯᠡᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠪᠥᠬᠦ ᠪᠠᠯᠭᠠᠰᠤᠨ ᠳᠤ ᠬᠤᠳᠠᠯᠳᠤᠭᠠᠴᠢᠨ ᠢ ᠳᠣᠲᠣᠨᠣᠴᠢᠯᠠᠬᠤ ᠬᠤᠳᠠᠯᠳᠤᠭᠠᠴᠢᠨ ᠢ ᠠᠮᠤᠷᠵᠢᠭᠤᠯᠬᠤ ᠬᠤᠳᠠᠯᠳᠤᠭᠠᠴᠢᠨ ᠢ ᠪᠠᠶᠠᠵᠢᠭᠤᠯᠬᠤ ᠠᠭᠤᠷ ᠠᠮᠢᠰᠬᠤᠯ ᠢ ᠴᠢᠩᠭᠠᠷᠠᠭᠤᠯᠤᠨ᠂ ᠣᠲᠣ ᠪᠠᠶᠢᠭ᠎ᠠ ᠲᠥᠷᠥᠯ ᠵᠦᠢᠯ ᠤᠨ ᠬᠤᠳᠠᠯᠳᠤᠭᠠᠴᠢᠨ ᠤᠷᠢᠬᠤ ᠬᠥᠳᠡᠯᠭᠡᠬᠦ ᠬᠦᠴᠦᠨ ᠢ ᠬᠥᠭᠵᠢᠭᠡᠵᠦ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠪᠣᠯᠪᠠ᠃ ᠭᠡᠷ᠎ᠡ ᠲᠣᠭᠲᠠᠵᠤ ᠨᠤᠲᠤᠭᠰᠢᠭᠰᠠᠨ ᠡᠦ ᠶᠤᠸᠠᠨ ᠤ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠲᠥᠷᠥᠯ ᠵᠦᠢᠯ ᠳᠤ ᠴᠢᠭᠯᠡᠭᠦᠯᠦᠨ᠂ ᠹᠧᠩ ᠱᠦᠶ ᠭᠸᠦ ᠪᠠᠯᠭᠠᠰᠤᠨ ᠳᠤ ᠲᠥᠷᠥᠯ ᠵᠦᠢᠯ ᠤᠨ ᠲᠤᠰᠬᠠᠶ ᠲᠤᠰᠢᠶᠠᠯᠲᠠᠨ ᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠪᠡᠶ᠎ᠡ ᠪᠠᠷ ᠢᠶᠠᠨ ᠣᠷᠣᠯᠴᠠᠵᠤ᠂ ᠨᠤᠲᠤᠭᠰᠢᠭᠰᠠᠨ ᠲᠥᠷᠥᠯ ᠵᠦᠢᠯ ᠳᠤ ᠠᠰᠠᠷᠠᠭᠴᠢ ᠮᠠᠶ᠋ᠢᠭ ᠤᠨ᠂ ᠣᠷᠣᠯᠠᠨ ᠭᠦᠢᠴᠡᠳᠭᠡᠬᠦ ᠮᠠᠶ᠋ᠢᠭ ᠤᠨ᠂ ᠮᠥᠷᠳᠡᠬᠦ ᠮᠠᠶ᠋ᠢᠭ ᠤᠨ ᠦᠢᠯᠡᠴᠢᠯᠡᠭᠡ ᠬᠠᠩᠭᠠᠵᠤ᠂ ᠲᠥᠷᠥᠯ ᠵᠦᠢᠯ ᠢ ᠨᠤᠲᠤᠭᠰᠢᠭᠤᠯᠬᠤ ᠳᠤ ᠲᠤᠯᠭᠠᠷᠠᠵᠤ ᠪᠠᠶᠢᠭ᠎ᠠ ᠡᠯ᠎ᠡ ᠲᠥᠷᠥᠯ ᠤᠨ ᠲᠣᠪᠤᠶᠢᠮ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠤ᠂ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠪᠠ᠃   ᠳᠣᠲᠣᠨᠣ ᠦᠢᠯᠡᠴᠢᠯᠡᠭᠡ ᠪᠠ ᠬᠤᠳᠠᠯᠳᠤᠭ᠎ᠠ ᠡᠵᠡᠩᠨᠡᠬᠦ ᠶᠡᠭᠡ ᠣᠷᠴᠢᠨ ᠨᠥᠬᠦᠴᠡᠯ ᠤᠨ ᠳᠡᠭᠡᠭᠰᠢᠯᠡᠯᠲᠡ ᠨᠢ ᠴᠦ ᠠᠵᠤ ᠠᠬᠤᠶᠢᠯᠠᠯ ᠤᠨ ᠢᠲᠡᠭᠡᠯ ᠢ ᠣᠯᠵᠤ᠂ ᠪᠡᠭᠡᠵᠢᠩ ᠤᠨ ᠡᠦ ᠶᠤᠸᠠᠨ ᠠᠵᠤ ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠪᠠ ᠡᠦ ᠶᠤᠸᠠᠨ ᠰᠢᠶᠠᠨ ᠤ ᠴᠧᠩ ᠮᠧᠨ ᠰᠢᠤᠸᠠᠢ ᠰᠣᠶᠣᠯ ᠤᠨ ᠨᠡᠶᠢᠭᠡᠮᠯᠢᠭ ᠰᠠᠨᠠᠭᠠᠴᠢᠯᠠᠭ᠎ᠠ ᠠᠴᠠ ᠪᠠᠨ ᠹᠧᠩ ᠱᠦᠶ ᠭᠸᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠠᠢ ᠬᠠᠷᠢᠯᠴᠠᠵᠤ᠂ ︽ᠬᠦᠴᠦ ᠪᠠᠨ ᠲᠥᠪᠯᠡᠷᠡᠭᠦᠯᠦᠨ ᠤᠷᠢᠬᠤ︾ ᠠᠵᠢᠯᠯᠠᠭ᠎ᠠ ᠳᠤ ᠢᠳᠡᠪᠬᠢᠲᠡᠶ ᠣᠷᠣᠯᠴᠠᠪᠠ᠃ ᠣᠳᠣᠬᠠᠨ ᠳᠤ᠂ ᠲᠠᠳᠠ ᠶᠠᠭ ᠲᠡᠭᠦᠨ ᠤ ᠣᠨᠴᠠ ᠪᠠᠶᠢᠳᠠᠭ ᠮᠡᠳᠡᠭᠡ ᠵᠠᠩᠭᠢ ᠶᠢᠨ ᠠᠷᠭ᠎ᠠ ᠵᠠᠮ᠂ ᠬᠤᠳᠠᠯᠳᠤᠭᠠᠨ ᠤ ᠶᠠᠪᠤᠳᠠᠯ ᠤᠨ ᠠᠷᠭ᠎ᠠ ᠵᠠᠮ᠂ ᠬᠥᠮᠦᠨ ᠬᠠᠷ᠎ᠠ ᠶᠢᠨ ᠶᠠᠪᠤᠯᠴᠠᠭ᠎ᠠ ᠶᠢᠨ ᠡᠬᠢ ᠪᠠᠶᠠᠯᠢᠭ ᠲᠠᠭᠠᠨ ᠲᠦᠰᠢᠭᠯᠡᠨ᠂ ᠹᠧᠩ ᠱᠦᠶ ᠭᠸᠦ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢ ᠢᠳᠡᠪᠬᠢᠲᠡᠶ ᠬᠠᠮᠵᠢᠵᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠢᠯ᠂ ᠪᠠᠷᠢᠯᠭ᠎ᠠ ᠶᠢᠨ ᠮᠠᠲ᠋ᠧᠷᠢᠶᠠᠯ ᠤᠨ ᠲᠥᠷᠥᠯ ᠵᠦᠢᠯ᠂ ᠡᠷᠡᠭᠦᠯᠵᠢᠯ ᠰᠤᠪᠢᠯᠠᠯᠲᠠ ᠶᠢᠨ ᠲᠥᠷᠥᠯ ᠵᠦᠢᠯ᠂ ᠰᠤᠷᠭᠠᠨ ᠬᠥᠮᠦᠵᠢᠯ ᠤᠨ ᠲᠥᠷᠥᠯ ᠵᠦᠢᠯ᠂ ᠲᠠᠷᠢᠶᠠᠯᠠᠩ ᠮᠠᠯ ᠠᠵᠤ ᠠᠬᠤᠶ ᠶᠢᠨ ᠲᠥᠷᠥᠯ ᠵᠦᠢᠯ ᠵᠡᠷᠭᠡ ᠶᠢᠨ ᠲᠣᠭᠤᠷᠢᠨ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠥᠷᠨᠢᠭᠦᠯᠵᠦ ᠪᠠᠶᠢᠨ᠎ᠠ᠃
 
ᠢᠷᠡᠯᠲᠡ᠄ ᠶᠤᠸᠠᠨ ᠪᠤᠤ ᠱᠠᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1