ᠯᠢ ᠺᠧ ᠴᠢᠶᠠᠩ 1 ᠳ᠋ᠦ᠋ᠭᠡᠷ ᠰᠠᠷ᠎ᠠ ᠶᠢᠨ 15 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ | ᠰᠢᠨ᠎ᠡ ᠵᠢᠯ ᠴᠠᠭᠠᠨ ᠰᠠᠷ᠎ᠠ ︽ᠬᠤᠣᠰ ᠪᠠᠶᠠᠷ︾ ᠤᠨ ᠬᠤᠭᠤᠴᠠᠭᠠᠨ ᠳᠤ ᠬᠢᠵᠢᠭ ᠭᠠᠮᠰᠢᠭ ᠤᠨ | ᠪᠠᠶᠢᠳᠠᠯ ᠳᠤ ᠨᠥᠯᠥᠭᠡᠯᠡᠭᠳᠡᠭᠰᠡᠨ ᠬᠦᠴᠢᠷᠳᠡᠯᠲᠡᠢ ᠤᠯᠠᠨ ᠲᠦᠮᠡᠨ ᠪᠣᠯᠤᠨ ᠳᠣᠣᠷ᠎ᠠ ᠪᠠᠲᠤᠯᠠᠭᠠᠲᠤ ᠣᠯᠠᠨ ᠲᠦᠮᠡᠨ ᠤ | ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠲᠤᠬᠠᠢ ᠪᠠᠶᠢᠷᠢᠯᠠᠭᠤᠯᠪᠠ | ᠡᠮ ᠤᠨ ᠵᠦᠢᠯ ᠢ ᠲᠥᠪᠯᠡᠷᠡᠭᠦᠯᠵᠦ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠠᠬᠢᠭᠤᠯᠵᠤ᠂ ᠬᠡᠪᠰᠢᠭᠦᠯᠵᠦ ᠳᠦᠷᠢᠮᠵᠢᠭᠰᠡᠨ ᠠᠷᠭ᠎ᠠ ᠬᠡᠮᠵᠢᠶ᠎ᠡ ᠪᠠᠷ ᠣᠯᠠᠨ ᠲᠦᠮᠡᠨ ᠤ | ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ ᠲᠤᠬᠠᠶ ᠪᠠᠶᠢᠷᠢᠯᠠᠭᠤᠯᠪᠠ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 1 ᠳ᠋ᠦ᠋ᠭᠡᠷ | ᠰᠠᠷ᠎ᠠ ᠶᠢᠨ 15 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ | ᠬᠤᠷᠠᠯᠳᠤᠭᠤᠯᠵᠤ᠂ ᠰᠢᠨ᠎ᠡ ᠵᠢᠯ ᠴᠠᠭᠠᠨ ᠰᠠᠷ᠎ᠠ ︽ᠬᠤᠣᠰ ᠪᠠᠶᠠᠷ︾ ᠤᠨ ᠬᠤᠭᠤᠴᠠᠭᠠᠨ ᠳᠤ ᠬᠢᠵᠢᠭ ᠭᠠᠮᠰᠢᠭ ᠤᠨ | ᠪᠠᠶᠢᠳᠠᠯ ᠳᠤ ᠨᠥᠯᠥᠭᠡᠯᠡᠭᠳᠡᠭᠰᠡᠨ ᠬᠦᠴᠢᠷᠳᠡᠯᠲᠡᠢ ᠤᠯᠠᠨ ᠲᠦᠮᠡᠨ ᠪᠣᠯᠤᠨ ᠳᠣᠣᠷ᠎ᠠ ᠪᠠᠲᠤᠯᠠᠭᠠᠲᠤ ᠣᠯᠠᠨ ᠲᠦᠮᠡᠨ ᠤ | ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠲᠤᠬᠠᠢ ᠪᠠᠶᠢᠷᠢᠯᠠᠭᠤᠯᠪᠠ︔ ᠡᠮ ᠤᠨ ᠵᠦᠢᠯ ᠢ ᠲᠥᠪᠯᠡᠷᠡᠭᠦᠯᠦᠨ | ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠬᠡᠪᠰᠢᠭᠦᠯᠵᠦ | ᠳᠦᠷᠢᠮᠵᠢᠭᠰᠡᠨ ᠠᠷᠭ᠎ᠠ ᠬᠡᠮᠵᠢᠶ᠎ᠡ ᠪᠠᠷ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ | ᠲᠤᠬᠠᠶ ᠪᠠᠶᠢᠷᠢᠯᠠᠭᠤᠯᠪᠠ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠷᠠᠳ ᠤᠨ ᠠᠮᠢᠳᠤᠷᠠᠯ ᠤᠨ ᠦᠨᠳᠦᠰᠦᠨ | ᠵᠦᠢᠯ ᠢ ᠪᠠᠲᠤᠯᠠᠬᠤ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠮᠰᠢᠭᠳᠠᠭᠰᠠᠨ ᠬᠥᠮᠦᠰ ᠤᠨ | ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠳᠣᠣᠷ᠎ᠠ ᠪᠠᠲᠤᠯᠠᠭᠠᠲᠤ ᠣᠯᠠᠨ ᠲᠦᠮᠡᠨ ᠳᠤ | ᠠᠮᠢᠳᠤᠷᠠᠯ ᠪᠣᠯᠤᠨ ᠦᠨ᠎ᠡ ᠬᠠᠩᠰᠢ ᠶᠢᠨ ᠨᠥᠬᠦᠪᠥᠷᠢ ᠨᠡᠮᠡᠨ ᠣᠯᠭᠤᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ | ᠦᠨᠳᠦᠰᠦᠨ ᠠᠮᠢᠳᠤᠷᠠᠯ ᠢ ᠪᠠᠲᠤᠯᠠᠬᠤ ᠳᠤ ᠴᠢᠬᠤᠯᠠ ᠦᠢᠯᠡᠳᠦᠯ ᠦᠵᠡᠭᠦᠯᠪᠡ᠃ ᠴᠠᠭᠠᠨ ᠰᠠᠷ᠎ᠠ ᠣᠶᠢᠷᠠᠲᠤᠭᠰᠠᠨ | ᠲᠤᠯᠠ᠂ ᠠᠪᠤᠷᠠᠨ ᠲᠤᠰᠠᠯᠠᠵᠤ ᠪᠠᠲᠤᠯᠠᠬᠤ ᠴᠢᠬᠤᠯᠠᠲᠠᠢ ᠶᠠᠳᠠᠭᠤ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ | ᠲᠡᠳᠬᠦᠬᠦ ᠠᠵᠢᠯ ᠢ ᠤᠯᠠᠮ ᠨᠢᠭᠡ ᠠᠯᠬᠤᠮ ᠣᠨᠣᠪᠴᠢᠲᠠᠢ ᠰᠠᠶᠢᠲᠤᠷ ᠬᠢᠬᠦ ᠬᠡᠷᠡᠭᠲᠡᠢ᠃ ᠨᠢᠭᠡ ᠳᠤ᠂ ᠵᠠᠬ᠎ᠠ | ᠳᠡᠯᠭᠡᠭᠦᠷ ᠤᠨ ᠬᠠᠩᠭᠠᠯᠭ᠎ᠠ ᠶᠢ ᠭᠦᠢᠴᠡᠳ ᠪᠠᠶᠢᠯᠭᠠᠬᠤ ᠪᠠ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ | ᠪᠠᠲᠤᠯᠠᠵᠤ᠂ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ | ᠥᠰᠥᠯᠲᠡ ᠲᠠᠢ ᠬᠤᠯᠪᠣᠭᠳᠠᠭᠤᠯᠬᠤ ᠲᠣᠭᠲᠠᠴᠠ ᠶᠢ ᠡᠬᠢᠯᠡᠭᠦᠯᠵᠦ᠂ ᠳᠣᠣᠷ᠎ᠠ ᠪᠠᠲᠤᠯᠠᠭᠠᠲᠤ ᠣᠯᠠᠨ ᠲᠦᠮᠡᠨ ᠳᠤ | ᠬᠤᠯᠪᠣᠭᠳᠠᠯ ᠪᠦᠬᠦᠢ ᠨᠥᠬᠦᠪᠥᠷᠢ ᠶᠢ ᠴᠠᠭ ᠲᠤᠬᠠᠢ ᠳᠤ ᠨᠢ ᠣᠯᠭᠤᠵᠤ᠂ ᠦᠨᠳᠦᠰᠦᠨ ᠠᠮᠢᠳᠤᠷᠠᠯ ᠢ ᠨᠢ ᠰᠠᠶᠢᠲᠤᠷ | ᠪᠠᠲᠤᠯᠠᠬᠤ ᠬᠡᠷᠡᠭᠲᠡᠢ᠃ ᠬᠤᠶᠠᠷ ᠲᠤ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠶᠠᠳᠠᠭᠤ | ᠬᠦᠴᠢᠷᠳᠡᠯ ᠤᠨ ᠵᠠᠭᠠᠭ ᠤᠨ ᠬᠥᠮᠦᠨ ᠠᠮᠠ ᠶᠢ ᠬᠢᠨᠠᠨ ᠰᠢᠨᠵᠢᠯᠡᠵᠦ ᠢᠯᠭᠠᠨ ᠪᠠᠶᠢᠴᠠᠭᠠᠬᠤ ᠪᠠᠨ ᠴᠢᠩᠭᠠᠳᠬᠠᠵᠤ᠂ | ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠶ᠃ ᠭᠤᠷᠪᠠ ᠳᠤ᠂ ᠡᠯ᠎ᠡ ᠭᠠᠵᠠᠷ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ | ᠲᠤᠬᠠᠶ ᠶᠢᠨ ᠭᠠᠵᠠᠷ ᠲᠤ ᠪᠠᠨ ᠦᠯᠡᠳᠡᠭᠰᠡᠨ ᠬᠥᠯᠥᠰᠥᠨ ᠠᠵᠢᠯᠴᠢᠨ ᠪᠠ ᠰᠤᠷᠭᠠᠭᠤᠯᠢ ᠳᠤ ᠪᠠᠨ ᠦᠯᠡᠳᠡᠭᠰᠡᠨ | ᠰᠤᠷᠤᠭᠴᠢᠳ ᠤᠨ ᠠᠮᠢᠳᠤᠷᠠᠯ ᠤᠨ ᠬᠤᠯᠪᠣᠭᠳᠠᠯ ᠪᠦᠬᠦᠢ ᠲᠣᠬᠢᠷᠠᠭᠤᠯᠤᠯᠲᠠ ᠶᠢ ᠰᠠᠶᠢᠲᠤᠷ ᠬᠢᠵᠦ᠂ ᠬᠥᠳᠡᠭᠡ | ᠲᠣᠰᠬᠤᠨ ᠤ ᠭᠡᠷ ᠲᠤ ᠪᠠᠨ ᠬᠤᠴᠣᠷᠤᠭᠰᠠᠨ ᠬᠡᠦᠬᠡᠳ ᠪᠠ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠶ᠃ ᠳᠥᠷᠪᠡ ᠳᠤ᠂ ᠪᠠᠶᠢᠳᠠᠯ ᠢ ᠣᠶᠢᠯᠠᠭᠠᠵᠤ ᠢᠯᠭᠠᠨ ᠪᠠᠶᠢᠴᠠᠭᠠᠵᠤ᠂ | ᠥᠨᠥᠴᠢᠨ ᠬᠡᠦᠬᠡᠳ᠂ ᠵᠡᠮᠳᠡᠭᠴᠦᠳ᠂ ᠮᠡᠳᠡᠷᠡᠯ ᠤᠨ ᠡᠪᠡᠳᠴᠢᠲᠡᠨ ᠵᠡᠷᠭᠡ ᠶᠠᠳᠠᠭᠤ ᠬᠦᠴᠢᠷᠳᠡᠯᠲᠡᠶ ᠣᠨᠴᠠᠭᠠᠢ | ᠬᠥᠮᠦᠰ ᠢ ᠬᠠᠪᠰᠤᠷᠤᠨ ᠠᠮᠢᠳᠤᠷᠠᠯ ᠤᠨ ᠬᠦᠴᠢᠷᠳᠡᠯ ᠢ ᠨᠢ ᠰᠢᠢᠳᠪᠦᠷᠢᠯᠡᠵᠦ᠂ ᠲᠦᠷ ᠴᠠᠭ ᠤᠨ ᠠᠮᠢᠳᠤᠷᠠᠯ ᠨᠢ | ᠬᠦᠴᠢᠷᠳᠡᠯᠲᠡᠶ ᠣᠯᠠᠨ ᠲᠦᠮᠡᠨ ᠢ ᠴᠢᠭᠯᠡᠯᠲᠦ ᠴᠢᠨᠠᠷᠲᠠᠶ ᠪᠠᠷ ᠬᠠᠪᠰᠤᠷᠤᠨ ᠲᠡᠳᠬᠦᠬᠦ ᠬᠡᠷᠡᠭᠲᠡᠶ᠃ ᠲᠠᠪᠤ ᠳᠤ᠂ ᠦᠶᠡᠷ | ᠤᠰᠤᠲᠤᠯ ᠳᠤ ᠭᠠᠮᠰᠢᠭᠳᠠᠭᠰᠠᠨ ᠣᠯᠠᠨ ᠲᠦᠮᠡᠨ ᠢᠯᠠᠩᠭᠤᠶ᠎ᠠ ᠲᠦᠷ ᠴᠠᠭ ᠲᠥᠪᠬᠢᠨᠡᠭᠦᠯᠦᠭᠰᠡᠨ ᠣᠯᠠᠨ ᠲᠦᠮᠡᠨ ᠤ | ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠬᠤ ᠬᠡᠷᠡᠭᠲᠡᠶ᠃ ᠵᠢᠷᠭᠤᠭ᠎ᠠ ᠳᠤ᠂ ᠠᠷᠠᠳ ᠤᠨ ᠠᠮᠢᠳᠤᠷᠠᠯ ᠢ ᠳᠡᠮᠵᠢᠬᠦ᠂ | ᠠᠷᠠᠳ ᠤᠨ ᠠᠮᠢᠳᠤᠷᠠᠯ ᠢ ᠪᠠᠲᠤᠯᠠᠬᠤ ᠶᠢᠨ ᠲᠣᠭᠤᠷᠢᠨ ᠳᠤ᠂ ᠲᠥᠪ ᠤᠨ ᠡᠳ᠋ ᠤᠨ ᠵᠠᠰᠠᠭ ᠠᠴᠠ ᠤᠷᠢᠳᠴᠢᠯᠠᠨ | ᠪᠠᠭᠤᠯᠭᠠᠭᠰᠠᠨ 1000 ᠳ᠋ᠦᠩᠰᠢᠭᠤᠷ ᠲᠥᠭᠦᠷᠢᠭ ᠤᠨ ᠠᠪᠤᠷᠠᠨ ᠲᠤᠰᠠᠯᠠᠬᠤ ᠨᠥᠬᠦᠪᠥᠷᠢ ᠶᠢᠨ ᠪᠡᠯᠡ ᠮᠥᠩᠭᠦ ᠶᠢ | ᠰᠠᠶᠢᠲᠤᠷ ᠬᠡᠷᠡᠭᠯᠡᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠨᠡᠭᠦᠯᠭᠡᠨ ᠬᠡᠷᠡᠭᠯᠡᠬᠦ ᠠᠴᠠ ᠰᠡᠷᠭᠡᠶᠢᠯᠡᠬᠦ | ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠬᠤ᠂ | ᠠᠷᠠᠳ ᠤᠨ ᠠᠮᠢᠳᠤᠷᠠᠯ ᠢ ᠪᠠᠲᠤᠯᠠᠬᠤ ᠪᠡᠯᠡ ᠮᠥᠩᠭᠦ ᠶᠢ ᠭᠦᠢᠴᠡᠳ ᠬᠡᠮᠵᠢᠶ᠎ᠡ ᠪᠠᠷ ᠣᠷᠣᠭᠤᠯᠵᠤ᠂ ᠪᠡᠯᠡ ᠮᠥᠩᠭᠦ ᠶᠢ | ᠰᠢᠭᠤᠳ ᠬᠦᠷᠭᠡᠬᠦ ᠱᠠᠭᠠᠷᠳᠠᠯᠭ᠎ᠠ ᠶᠣᠰᠣᠭᠠᠷ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠴᠢᠬᠤᠯᠠᠲᠠᠢ ᠤᠯᠠᠨ | ᠲᠦᠮᠡᠨ ᠳᠤ ᠴᠠᠭ ᠲᠤᠬᠠᠢ ᠳᠤ ᠨᠢ ᠭᠦᠢᠴᠡᠳ ᠣᠯᠭᠤᠬᠤ ᠬᠡᠷᠡᠭᠲᠡᠢ ᠭᠡᠵᠡᠢ᠃ ᠬᠤᠷᠠᠯ ᠠᠴᠠ | ᠴᠢᠬᠤᠯᠠᠴᠢᠯᠠᠬᠤ ᠳᠤ ᠪᠠᠨ᠂ ᠣᠳᠣᠬᠠᠨ ᠤ ᠬᠡᠰᠡᠭ ᠭᠠᠵᠠᠷ ᠤᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠳᠤ | ᠴᠢᠭᠯᠡᠭᠦᠯᠦᠨ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠶᠢ ᠵᠡᠷᠭᠡ ᠳᠤ ᠨᠢ ᠠᠬᠢᠭᠤᠯᠵᠤ᠂ ᠠᠮᠤ ᠪᠤᠳᠠᠭ᠎ᠠ ᠭᠤᠯᠢᠷ | ᠲᠣᠰᠣ᠂ ᠢᠳᠡᠰᠢᠨ ᠨᠣᠭᠤᠭ᠎ᠠ᠂ ᠮᠢᠬ᠎ᠠ ᠥᠨᠳᠡᠭᠡ ᠰᠦ ᠵᠡᠷᠭᠡ ᠠᠮᠢᠳᠤᠷᠠᠯ ᠤᠨ ᠡᠳ᠋ ᠪᠣᠳᠠᠰ ᠤᠨ ᠵᠠᠬ᠎ᠠ | ᠳᠡᠯᠭᠡᠭᠦᠷ ᠤᠨ ᠬᠠᠩᠭᠠᠯᠭ᠎ᠠ ᠶᠢ ᠰᠠᠶᠢᠲᠤᠷ ᠪᠠᠲᠤᠯᠠᠵᠤ᠂ ᠣᠯᠠᠨ ᠲᠦᠮᠡᠨ ᠢ ᠰᠡᠳᠬᠢᠯ ᠠᠮᠤᠷ ᠰᠢᠨᠡᠯᠡᠭᠦᠯᠬᠦ ᠬᠡᠷᠡᠭᠲᠡᠶ | ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠡᠷᠡᠭᠦᠯ ᠮᠡᠨᠳᠦ ᠪᠣᠯ ᠠᠷᠠᠳ ᠤᠯᠠᠨ ᠤ ᠠᠮᠢ ᠪᠡᠶ᠎ᠡ ᠳᠤ | ᠬᠤᠯᠪᠣᠭᠳᠠᠭᠰᠠᠨ ᠶᠡᠭᠡ ᠶᠠᠪᠤᠳᠠᠯ ᠮᠥᠨ᠃ ᠡᠪᠡᠳᠴᠢᠨ ᠦᠵᠡᠭᠦᠯᠬᠦ ᠳᠤ ᠦᠨ᠎ᠡ ᠲᠥᠯᠥᠪᠦᠷᠢ ᠶᠡᠭᠡ ᠠᠰᠠᠭᠤᠳᠠᠯ ᠢ | ᠠᠯᠬᠤᠮ ᠠᠯᠬᠤᠮ ᠢᠶᠠᠷ ᠰᠢᠢᠳᠪᠦᠷᠢᠯᠡᠬᠦ ᠶᠢᠨ ᠲᠥᠯᠥᠭᠡ᠂ ᠣᠶᠢᠷ᠎ᠠ ᠶᠢᠨ ᠵᠢᠯ ᠳᠤ ᠤᠯᠤᠰ ᠠᠴᠠ ᠡᠮ ᠤᠨ ᠵᠦᠢᠯ ᠢ | ᠲᠥᠪᠯᠡᠷᠡᠭᠦᠯᠵᠦ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠪᠠ ᠬᠡᠷᠡᠭᠯᠡᠬᠦ ᠴᠢᠬᠤᠯᠠ ᠶᠡᠭᠡ ᠥᠭᠡᠷᠡᠴᠢᠯᠡᠯᠲᠡ ᠶᠢ | ᠠᠬᠢᠭᠤᠯᠵᠤ᠂ ᠨᠢᠳᠤᠨᠤᠨ ᠤ ᠵᠢᠯ ᠤᠨ ᠰᠡᠭᠦᠯᠴᠢ ᠪᠣᠯᠲᠠᠯ᠎ᠠ ᠨᠢᠭᠡᠨᠲᠡ ᠭᠤᠷᠪᠠᠨ ᠪᠦᠯᠦᠭ ᠢ ᠲᠥᠪᠯᠡᠷᠡᠭᠦᠯᠦᠨ | ᠬᠤᠳᠠᠯᠳᠤᠨ ᠠᠪᠴᠤ᠂ ᠬᠠᠮᠤᠷᠤᠭᠰᠠᠨ ᠡᠮ ᠤᠨ ᠵᠦᠢᠯ ᠤᠨ ᠦᠨ᠎ᠡ ᠶᠢ ᠳᠤᠮᠳᠠᠴᠢ ᠪᠠᠷ 54% ᠪᠠᠷ ᠪᠠᠭᠤᠷᠠᠭᠤᠯᠵᠤ᠂ | ᠵᠢᠯ ᠪᠦᠷᠢ 530 ᠭᠠᠷᠤᠶ ᠳ᠋ᠦᠩᠰᠢᠭᠤᠷ ᠲᠥᠭᠦᠷᠢᠭ ᠤᠨ ᠵᠠᠷᠤᠳᠠᠯ ᠠᠷᠪᠢᠯᠠᠵᠤ᠂ ᠲᠦᠭ ᠲᠦᠮᠡᠨ ᠡᠪᠡᠳᠴᠢᠲᠡᠨ ᠳᠤ | ᠠᠰᠢᠭ ᠬᠦᠷᠲᠡᠭᠡᠪᠡ᠃ ᠣᠶᠢᠷ᠎ᠠ ᠳᠤ ᠪᠠᠰᠠ ᠳᠥᠷᠪᠡᠳᠦᠭᠡᠷ ᠪᠦᠯᠦᠭ ᠢ ᠲᠥᠪᠯᠡᠷᠡᠭᠦᠯᠵᠦ ᠬᠤᠳᠠᠯᠳᠤᠨ ᠠᠪᠬᠤ ᠠᠵᠢᠯ ᠢ | ᠥᠷᠨᠢᠭᠦᠯᠬᠦ ᠶᠢᠨ ᠬᠠᠮᠲᠤ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ | ᠬᠡᠪᠴᠢᠶ᠎ᠡ ᠶᠢ ᠥᠷᠭᠡᠳᠬᠡᠨ᠎ᠡ ᠭᠡᠵᠡᠢ᠃ ᠬᠤᠷᠠᠯ ᠠᠴᠠ ᠱᠠᠭᠠᠷᠳᠠᠬᠤ ᠳᠤ ᠪᠠᠨ᠂ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠣᠰᠣᠭᠠᠷ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠡᠮ ᠤᠨ ᠵᠦᠢᠯ ᠢ | ᠲᠥᠪᠯᠡᠷᠡᠭᠦᠯᠵᠦ ᠬᠤᠳᠠᠯᠳᠤᠨ ᠠᠪᠬᠤ ᠶᠢ ᠬᠡᠪᠰᠢᠭᠦᠯᠦᠨ ᠳᠦᠷᠢᠮᠵᠢᠭᠦᠯᠬᠦ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ | ᠃ ᠨᠢᠭᠡ ᠳᠤ᠂ ᠦᠨᠳᠦᠰᠦᠨ ᠵᠦᠢᠯ ᠢ ᠪᠠᠲᠤᠯᠠᠬᠤ᠂ ᠡᠮᠴᠢᠯᠡᠭᠡ ᠶᠢ ᠪᠠᠲᠤᠯᠠᠬᠤ ᠵᠠᠷᠴᠢᠮ ᠶᠣᠰᠣᠭᠠᠷ᠂ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠠᠬᠢ ᠬᠡᠷᠡᠭᠯᠡᠬᠦ ᠬᠡᠮᠵᠢᠶ᠎ᠡ ᠪᠠᠷ ᠶᠡᠭᠡ᠂ | ᠬᠤᠳᠠᠯᠳᠤᠨ ᠠᠪᠬᠤ ᠵᠣᠭᠤᠰ ᠤᠨ ᠲᠤᠭ᠎ᠠ ᠨᠢ ᠶᠡᠭᠡ ᠡᠮ ᠤᠨ ᠵᠦᠢᠯ ᠢ ᠭᠤᠣᠯᠳᠠᠯᠭ᠎ᠠ ᠲᠠᠢ ᠪᠠᠷ ᠬᠤᠳᠠᠯᠳᠤᠨ ᠠᠪᠬᠤ | ᠬᠡᠪᠴᠢᠶᠡᠨ ᠳᠤ ᠣᠷᠣᠭᠤᠯᠵᠤ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠲᠤ ᠭᠠᠷᠭᠠᠭᠰᠠᠨ ᠡᠮᠴᠢᠯᠡᠭᠡᠨ ᠳᠤ | ᠵᠠᠪᠠᠯ ᠬᠡᠷᠡᠭᠰᠡᠬᠦ᠂ ᠶᠠᠰᠤ ᠴᠢᠨᠠᠷ ᠨᠢ ᠨᠠᠶᠢᠳᠠᠪᠤᠷᠢᠲᠠᠶ ᠡᠯ᠎ᠡ ᠲᠥᠷᠥᠯ ᠤᠨ ᠡᠮ ᠪᠠ ᠬᠤᠷᠣᠭᠳᠠᠯ ᠮᠠᠲ᠋ᠧᠷᠢᠶᠠᠯ ᠢ ᠠᠯᠬᠤᠮ | ᠠᠯᠬᠤᠮ ᠢᠶᠠᠷ ᠬᠠᠮᠢᠶᠠᠷᠤᠭᠤᠯᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠪᠦᠬᠦᠨ | ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠬᠤ ᠬᠡᠷᠡᠭᠲᠡᠶ᠃ ᠬᠤᠪᠣᠷ ᠲᠣᠬᠢᠶᠠᠯᠳᠤᠬᠤ ᠡᠪᠡᠳᠴᠢᠨ ᠢ ᠵᠠᠰᠠᠬᠤ | ︽ᠬᠤᠪᠣᠷ ᠨᠠᠨᠳᠢᠨ ᠡᠮ︾ ᠢ ᠬᠤᠳᠠᠯᠳᠤᠨ ᠠᠪᠬᠤ ᠳᠤ ᠣᠨᠴᠠᠭᠠᠶ ᠲᠣᠬᠢᠷᠠᠭᠤᠯᠤᠯᠲᠠ ᠬᠢᠬᠦ ᠲᠤᠬᠠᠢ ᠰᠤᠳᠤᠯᠬᠤ | ᠬᠡᠷᠡᠭᠲᠡᠢ᠃ ᠬᠤᠶᠠᠷ ᠲᠤ᠂ ᠨᠥᠬᠦᠴᠡᠯ ᠳᠤ ᠨᠡᠶᠢᠴᠡᠬᠦ ᠳᠠᠭᠤᠷᠢᠶᠠᠮᠠᠯ ᠡᠮ᠂ ᠤᠤᠯ ᠤᠨ ᠨᠠᠶᠢᠷᠠᠯᠭ᠎ᠠ ᠡᠮ ᠪᠠ | ᠬᠠᠷᠢᠴᠠᠭᠤᠯᠬᠤ ᠨᠠᠶᠢᠷᠠᠯᠭ᠎ᠠ ᠶᠢ ᠴᠥᠮ ᠨᠡᠶᠢᠳᠡᠮ ᠬᠡᠷᠡᠭᠯᠡᠬᠦ ᠨᠡᠷ᠎ᠡ ᠪᠠᠷ ᠲᠥᠪᠯᠡᠷᠡᠭᠦᠯᠦᠨ ᠬᠤᠳᠠᠯᠳᠤᠨ ᠠᠪᠬᠤ ᠳᠤ | ᠣᠷᠣᠯᠴᠠᠭᠤᠯᠵᠤ᠂ ᠶᠠᠰᠤ ᠴᠢᠨᠠᠷ ᠪᠠ ᠦᠨ᠎ᠡ ᠬᠠᠩᠰᠢ ᠶᠢᠨ ᠭᠤᠤᠯᠴᠢ ᠥᠷᠢᠰᠥᠯᠳᠦᠭᠡᠨ ᠢᠶᠠᠷ ᠳᠠᠮᠵᠢᠭᠤᠯᠤᠨ | ᠰᠣᠩᠭᠤᠭᠳᠠᠭᠰᠠᠨ ᠠᠵᠤ ᠠᠬᠤᠶᠢᠯᠠᠯ ᠪᠠ ᠡᠮ ᠤᠨ ᠵᠦᠢᠯ᠂ ᠬᠤᠷᠣᠭᠳᠠᠯ ᠮᠠᠲ᠋ᠧᠷᠢᠶᠠᠯ ᠢ ᠪᠣᠶ ᠪᠣᠯᠭᠠᠨ᠎ᠠ᠃ | ᠡᠮᠴᠢᠯᠡᠭᠡᠨ ᠤ ᠪᠠᠶᠢᠭᠤᠯᠤᠮᠵᠢ ᠨᠤᠭᠤᠳ ᠠᠴᠠ ᠰᠣᠩᠭᠤᠭᠳᠠᠭᠰᠠᠨ ᠡᠮ ᠤᠨ ᠵᠦᠢᠯ ᠢ ᠡᠩ ᠲᠡᠷᠢᠭᠦᠨ ᠳᠤ ᠬᠡᠷᠡᠭᠯᠡᠬᠦ ᠶᠢ | ᠦᠨᠡᠨ ᠬᠦ ᠪᠠᠲᠤᠯᠠᠵᠤ᠂ ᠬᠡᠷᠡᠭᠴᠡᠭᠡ ᠱᠠᠭᠠᠷᠳᠠᠯᠭ᠎ᠠ ᠶᠣᠰᠣᠭᠠᠷ ᠬᠤᠳᠠᠯᠳᠤᠨ ᠠᠪᠬᠤ ᠬᠡᠮᠵᠢᠶ᠎ᠡ ᠪᠠᠨ ᠠᠯᠢ | ᠴᠢᠳᠠᠬᠤ ᠪᠠᠷ ᠳᠡᠭᠡᠭᠰᠢᠯᠡᠭᠦᠯᠬᠦ ᠬᠡᠷᠡᠭᠲᠡᠶ᠃ ᠰᠣᠩᠭᠤᠭᠳᠠᠭᠰᠠᠨ ᠠᠵᠤ ᠠᠬᠤᠶᠢᠯᠠᠯ ᠠᠴᠠ ᠦᠨ᠎ᠡ ᠪᠠᠨ | ᠪᠠᠭᠤᠷᠠᠭᠤᠯᠪᠠᠴᠤ ᠶᠠᠰᠤ ᠴᠢᠨᠠᠷ ᠢᠶᠠᠨ ᠪᠠᠭᠤᠷᠠᠭᠤᠯᠬᠤ ᠥᠬᠡᠶ᠂ ᠡᠮᠴᠢᠯᠡᠭᠡᠨ ᠤ ᠦᠷ᠎ᠡ ᠪᠦᠲᠦᠮᠵᠢ ᠶᠢ ᠪᠠᠭᠤᠷᠠᠭᠤᠯᠬᠤ | ᠥᠬᠡᠶ ᠪᠠᠶᠢᠵᠤ᠂ ᠬᠠᠩᠭᠠᠯᠭ᠎ᠠ ᠶᠢ ᠪᠠᠲᠤᠯᠠᠬᠤ ᠬᠡᠷᠡᠭᠲᠡᠶ᠃ ᠰᠣᠩᠭᠤᠭᠳᠠᠭᠰᠠᠨ ᠡᠮ ᠤᠨ ᠵᠦᠢᠯ ᠪᠠ ᠬᠤᠷᠣᠭᠳᠠᠯ | ᠮᠠᠲ᠋ᠧᠷᠢᠶᠠᠯ ᠤᠨ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠯᠲᠡ ᠶᠢᠨ ᠪᠥᠬᠦ ᠬᠡᠯᠬᠢᠶᠡᠰᠦ ᠳᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠭᠤᠷᠪᠠ ᠳᠤ᠂ ᠲᠥᠪᠯᠡᠷᠡᠭᠦᠯᠦᠨ ᠬᠤᠳᠠᠯᠳᠤᠨ ᠠᠪᠬᠤ ᠳᠤ ᠪᠠᠨ | ᠡᠪᠡᠳᠴᠢᠲᠡᠨ ᠤ ᠳᠠᠷᠤᠭᠠᠰᠤ ᠶᠢ ᠬᠥᠩᠭᠡᠷᠡᠭᠦᠯᠬᠦ ᠶᠢᠨ ᠬᠠᠮᠲᠤ᠂ ᠠᠵᠤ ᠠᠬᠤᠶᠢᠯᠠᠯ ᠤᠨ ᠵᠦᠶ ᠵᠣᠬᠢᠰᠲᠠᠶ ᠠᠰᠢᠭ | ᠬᠤᠨᠵᠢᠪᠣᠷᠢ ᠶᠢ ᠬᠠᠮᠲᠤ ᠳᠤ ᠨᠢ ᠬᠠᠷᠠᠭᠠᠯᠵᠠᠵᠤ᠂ ᠡᠮ ᠤᠨ ᠵᠦᠢᠯ᠂ ᠬᠤᠷᠣᠭᠳᠠᠯ ᠮᠠᠲ᠋ᠧᠷᠢᠶᠠᠯ ᠤᠨ ᠠᠵᠢᠯ | ᠲᠥᠷᠥᠯ ᠤᠨ ᠥᠷᠢᠰᠥᠯᠳᠦᠭᠡᠨ ᠤ ᠳᠤᠮᠳᠠ ᠲᠥᠪᠯᠡᠷᠡᠭᠦᠯᠬᠦ ᠬᠡᠮᠵᠢᠶ᠎ᠡ ᠪᠠᠨ ᠳᠡᠭᠡᠭᠰᠢᠯᠡᠭᠦᠯᠬᠦ ᠶᠢ ᠠᠬᠢᠭᠤᠯᠵᠤ᠂ | ᠦᠢᠯᠡᠳᠭᠦᠨ ᠤ ᠰᠢᠨ᠎ᠡ ᠶᠢ ᠡᠭᠦᠳᠦᠨ ᠲᠠᠰ ᠳᠡᠪᠰᠢᠬᠦ ᠶᠢ ᠠᠬᠢᠭᠤᠯᠵᠤ᠂ ᠠᠷᠪᠢᠯᠠᠭᠰᠠᠨ ᠡᠮᠴᠢᠯᠡᠭᠡᠨ ᠤ | ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ ᠪᠠᠶᠢᠭᠤᠯᠤᠮᠵᠢ ᠶᠢᠨ ᠦᠯᠡᠳᠡᠪᠦᠷᠢ ᠪᠣᠯᠭᠠᠨ | ᠦᠯᠡᠳᠡᠭᠡᠨ ᠬᠡᠷᠡᠭᠯᠡᠬᠦ ᠶᠢ ᠤᠷᠮᠠᠰᠢᠭᠤᠯᠵᠤ᠂ ᠡᠨᠡ ᠬᠦ ᠥᠭᠡᠷᠡᠴᠢᠯᠡᠯᠲᠡ ᠳᠤ ᠡᠪᠡᠳᠴᠢᠲᠡᠨ ᠪᠠ ᠠᠵᠤ ᠠᠬᠤᠶᠢᠯᠠᠯ᠂ | ᠡᠮᠴᠢᠯᠡᠭᠡᠨ ᠤ ᠪᠠᠶᠢᠭᠤᠯᠤᠮᠵᠢ ᠳᠤ ᠴᠥᠮ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | |