ᠰᠢᠶᠤᠤ ᠡᠤ ᠵᠢᠶᠠ ᠰᠢᠶᠠᠩ᠄ ︽ᠲᠦᠷᠪᠡᠨ ᠦᠰᠦᠭ ᠤᠨ ᠰᠤᠳᠤᠷ︾᠎ ᠢ ᠰᠠᠶᠢᠲᠤᠷ ᠤᠩᠰᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠨ᠎ᠠ
ᠨᠡᠶᠢᠲᠡᠯᠡᠭᠰᠡᠨ ᠴᠠᠭ᠄
2021/1/22
                ᠣᠶᠢᠷ᠎ᠠ ᠶᠢᠨ ᠬᠤᠭᠤᠴᠠᠭᠠᠨ ᠳᠠᠬᠢ ᠪᠥᠬᠦ ᠤᠯᠤᠰ ᠤᠨ ᠬᠢᠵᠢᠭ ᠤᠨ ᠪᠠᠶᠢᠳᠠᠯ ᠣᠯᠠᠨ ᠡᠭᠦᠰᠬᠦ ᠴᠢᠨᠠᠷᠲᠠᠶ ᠪᠠᠶᠢᠳᠠᠯ ᠵᠢᠴᠢ ᠴᠠᠭᠠᠨ ᠰᠠᠷ᠎ᠠ ᠣᠶᠢᠷᠠᠲᠤᠵᠤ ᠪᠠᠶᠢᠭ᠎ᠠ ᠬᠥᠮᠦᠰ ᠤᠨ ᠨᠤᠲᠤᠭ ᠲᠠᠭᠠᠨ ᠪᠤᠴᠠᠬᠤ ᠲᠤᠭ᠎ᠠ ᠬᠡᠮᠵᠢᠶ᠎ᠡ ᠭᠡᠨᠡᠳᠲᠡ ᠨᠡᠮᠡᠭᠳᠡᠬᠦ ᠬᠠᠨᠳᠤᠰᠢ ᠲᠠᠢ ᠪᠣᠯᠵᠣ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠰᠢᠶᠤᠤ ᠡᠤ ᠵᠢᠶᠠ ᠰᠢᠶᠠᠩ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠠ᠃                ᠤᠳᠤᠷᠢᠳᠤᠯᠭ᠎ᠠ ᠶᠢᠨ ᠪᠠᠶᠢᠷᠢᠯᠠᠭᠤᠯᠤᠯᠲᠠ ᠪᠠᠨ ᠴᠢᠩᠭᠠᠳᠬᠠᠵᠤ᠂ ︽ᠪᠣᠳᠠᠲᠠᠶ︾᠎ ᠶᠢ ᠴᠢᠬᠤᠯᠠᠴᠢᠯᠠᠨ᠎ᠠ᠃               ᠨᠢᠭᠡ ᠳᠤ᠂ ᠰᠢᠶᠤᠤ ᠡᠤ ᠵᠢᠶᠠ ᠰᠢᠶᠠᠩ ᠤᠨ ᠳᠠᠭᠠᠭᠠᠴᠢᠯᠠᠨ ᠬᠤᠯᠪᠣᠭᠠᠯᠠᠬᠤ ᠶᠢ ᠱᠠᠯᠠᠪᠳᠠᠭᠤᠯᠤᠨ ᠵᠢᠯᠣᠭᠤᠳᠬᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠭᠤᠶᠢᠯᠠᠩ ᠵᠢᠴᠢ ᠲᠤᠰᠢᠶᠠᠯ ᠬᠠᠷᠢᠭᠤᠴᠠᠯᠭ᠎ᠠ ᠳᠤ ᠴᠠᠭ ᠲᠤᠬᠠᠢ ᠳᠤᠨᠢ ᠲᠤᠬᠢᠷᠠᠭᠤᠯᠤᠯᠳᠠ ᠬᠢᠵᠦ᠂ ᠳᠠᠭᠠᠭᠠᠴᠢᠯᠠᠨ ᠬᠤᠯᠪᠣᠭᠠᠯᠠᠬᠤ ᠲᠣᠰᠬᠤᠨ ᠤ 6 ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠵᠢᠴᠢ 3 ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠢ ᠪᠠᠶᠢᠭᠤᠯᠪᠠ᠃ ᠬᠤᠶᠠᠷ ᠲᠤ᠂ ︽︿ᠳᠥᠷᠪᠡᠨ ᠲᠠᠯ᠎ᠠ ᠶᠢᠨ ᠬᠠᠷᠢᠭᠤᠴᠠᠯᠭ᠎ᠠ﹀᠎ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ᠂ ᠲᠠᠯᠠᠪᠤᠷ ᠭᠠᠵᠠᠷ ᠪᠣᠯᠤᠨ ᠨᠢᠭᠡᠴᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠲᠤᠬᠠᠶ ᠮᠡᠳᠡᠭᠳᠡᠯ︾᠎ ᠢ ᠪᠠᠭᠤᠯᠭᠠᠵᠤ ᠂ ᠣᠷᠣᠨ ᠪᠦᠰᠡ ᠶᠢᠨ ᠠᠵᠢᠯ ᠤᠨ ᠬᠤᠪᠢᠶᠠᠷᠢᠯᠠᠯ ᠪᠣᠯᠤᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠬᠥᠮᠦᠨ ᠨᠢᠭᠡᠪᠦᠷᠢ ᠳᠤ ᠪᠣᠳᠠᠲᠠᠶ ᠨᠠᠶᠢᠳᠠᠪᠤᠷᠢᠵᠢᠭᠤᠯᠵᠤ᠂ ᠬᠥᠮᠦᠨ ᠪᠦᠬᠦᠨ ᠤ ᠮᠥᠷᠥᠨ ᠳᠡᠭᠡᠷ᠎ᠡ ᠡᠭᠦᠷᠭᠡ ᠲᠠᠢ᠂ ᠰᠡᠳᠬᠢᠯ ᠳᠡᠭᠡᠨ ᠬᠠᠷᠢᠭᠤᠴᠠᠯᠭ᠎ᠠ ᠲᠠᠢ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠪᠠᠶᠢᠷᠢᠰᠢᠯ ᠢ ᠪᠦᠷᠢᠯᠳᠦᠭᠦᠯᠪᠡ᠃ ᠭᠤᠷᠪᠠ ᠳᠤ᠂ ᠤᠳᠤᠷᠢᠳᠬᠤ ᠪᠠᠭ ᠤᠨ ᠬᠤᠷᠠᠯ᠂ ᠬᠢᠵᠢᠭ ᠤᠨ ᠪᠠᠶᠢᠳᠠᠯ ᠤᠨ ᠠᠵᠢᠯ ᠤᠨ ᠬᠤᠷᠠᠯ᠂ ᠸᠢᠴᠠᠲ ᠤᠨ  ᠠᠵᠢᠯᠯᠠᠬᠤ ᠪᠦᠯᠦᠭ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ᠂ ᠬᠤᠳᠠ᠂ ᠶᠤᠸᠠᠨ ᠪᠦᠦ ᠱᠠᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠤᠨ ᠱᠠᠭᠠᠷᠳᠠᠯᠭ᠎ᠠ ᠶᠢ ᠴᠠᠭ ᠲᠤᠬᠠᠢ ᠳᠤᠨᠢ ᠤᠯᠠᠮᠵᠢᠯᠠᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠥᠮᠦᠰ ᠢ ᠵᠣᠬᠢᠶᠠᠨ ᠪᠠᠶᠢᠭᠤᠯᠤᠨ ᠲᠤᠬᠢᠷᠠᠭᠤᠯᠵᠤ᠂ ᠰᠡᠷᠭᠡᠶᠢᠯᠡᠨ ᠡᠵᠡᠮᠳᠡᠬᠦ ᠠᠵᠢᠯ ᠢ ᠨᠢᠭᠲᠠ ᠵᠣᠯᠭᠠᠭᠤᠯᠵᠤ᠂ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃               ᠵᠢᠭᠰᠠᠭᠠᠨ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠵᠤ᠂ ︽ᠨᠠᠷᠢᠯᠢᠭ︾ ᠪᠠᠶᠢᠬᠤ ᠶᠢ ᠴᠢᠬᠤᠯᠠᠴᠢᠯᠠᠨ᠎ᠠ᠃               ︽ᠬᠡᠰᠡᠭᠵᠢᠭᠦᠯᠦᠭᠰᠡᠨ︾ ᠬᠠᠮᠢᠶᠠᠷᠤᠯᠲᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠪᠠᠲᠤᠯᠠᠭ᠎ᠠ ᠮᠥᠨ᠂ ᠰᠢᠶᠤᠤ ᠦ᠋ ᠵᠢᠶᠠ ᠰᠢᠶᠠᠩ ᠤᠨ 47 ᠬᠡᠰᠡᠭᠵᠢᠭᠦᠯᠦᠭᠰᠡᠨ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠡᠷᠭᠡᠶᠢᠯᠡᠨ ᠡᠵᠡᠮᠳᠡᠬᠦ ᠲᠣᠣᠷ ᠢ ᠤᠯᠠᠮ ᠴᠢᠨᠠᠭᠰᠢᠳᠠ ᠨᠠᠷᠢᠨ ᠨᠢᠭᠲᠠ ᠪᠣᠯᠭᠠᠵᠤ᠂ ᠬᠡᠰᠡᠭ ᠬᠤᠪᠢᠶᠠᠨ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ︽ᠬᠡᠨ ᠳᠤᠭᠤᠶᠢᠯᠠᠩ ᠳᠠᠭᠠᠭᠠᠴᠢᠯᠠᠪᠠᠯ ᠬᠡᠨ ᠪᠠᠶᠢᠴᠠᠭᠠᠬᠤ᠂ ᠬᠡᠨ ᠬᠠᠷᠢᠭᠤᠴᠠᠬᠤ︾᠎ ᠶᠢᠨ ᠬᠠᠮᠲᠤ᠂ ᠰᠡᠷᠭᠡᠶᠢᠯᠡᠨ ᠡᠵᠡᠮᠳᠡᠬᠦ ᠰᠠᠶᠢᠨ ᠲᠤᠷᠠᠴᠤᠳ ᠪᠣᠯᠤᠨ ᠠᠬᠠᠮᠠᠳ ᠨᠠᠮ ᠤᠨ ᠭᠡᠰᠢᠭᠦᠨ ᠤ ᠰᠡᠷᠭᠡᠶᠢᠯᠡᠨ ᠡᠵᠡᠮᠳᠡᠬᠦ ᠬᠤᠪᠢᠶᠠᠷᠢ ᠠᠩᠬᠢ ᠶᠢᠨ ᠬᠦᠴᠦᠨ ᠢ ᠭᠦᠢᠴᠡᠳ ᠪᠠᠳᠠᠷᠠᠭᠤᠯᠵᠤ᠂ ︽ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ︾ ᠪᠠᠶᠢᠬᠤ ᠶᠢ ᠪᠡᠶᠡᠯᠡᠭᠦᠯᠪᠡ᠃ ᠡᠮᠬᠢᠯᠡᠨ ᠳᠢᠭᠯᠡᠵᠦ ᠵᠢᠭᠰᠠᠭᠠᠨ ᠪᠠᠶᠢᠴᠠᠭᠠᠬᠤ ᠲᠣᠭᠲᠠᠴᠠ᠂ ᠮᠡᠳᠡᠭᠡ ᠵᠠᠩᠭᠢ ᠶᠢ ᠬᠠᠷᠢᠭᠤ ᠲᠤᠰᠬᠠᠬᠤ ᠲᠣᠭᠲᠠᠴᠠ᠂ ᠨᠡᠭᠦᠳᠡᠯ ᠬᠥᠮᠦᠰ ᠢ ᠳᠡᠩᠰᠡᠯᠡᠨ ᠲᠡᠮᠳᠡᠭᠯᠡᠵᠦ ᠬᠠᠷᠢᠭᠤ ᠲᠤᠰᠬᠠᠬᠤ ᠲᠣᠭᠲᠠᠴᠠ ᠪᠠ ᠬᠢᠯᠢ ᠶᠢᠨ ᠭᠠᠳᠠᠨᠠᠬᠢ ᠬᠥᠮᠦᠰ᠂ ᠳᠤᠮᠳᠠ ᠥᠨᠳᠥᠷ ᠲᠠᠰ ᠤᠨ ᠲᠦᠭᠰᠢᠭᠦᠷᠢᠲᠡᠶ ᠭᠠᠵᠠᠷ ᠣᠷᠣᠨ ᠤ ᠬᠥᠮᠦᠰ ᠤᠨ ᠨᠤᠲᠤᠭ ᠲᠠᠭᠠᠨ ᠪᠤᠴᠠᠬᠤ ᠶᠢ ᠤᠷᠢᠳᠴᠢᠯᠠᠨ ᠮᠡᠳᠡᠭᠦᠯᠦᠨ ᠳᠠᠩᠰᠠᠯᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠮᠡᠳᠡᠭᠡ ᠵᠠᠩᠭᠢ ᠶᠢᠨ ᠠᠷᠭ᠎ᠠ ᠵᠠᠮ ᠢ ᠬᠠᠮᠤᠭ ᠤᠨ ᠶᠡᠭᠡ ᠬᠡᠮᠵᠢᠶ᠎ᠡ ᠪᠠᠷ ᠰᠢᠯᠤᠭᠤᠳᠬᠠᠨ᠂ ᠭᠠᠳᠠᠨ᠎ᠠ ᠠᠴᠠ ᠢᠷᠡᠭᠰᠡᠨ ᠬᠥᠮᠦᠰ ᠪᠠ ᠭᠠᠳᠠᠨ᠎ᠠ ᠪᠠᠶᠢᠭ᠎ᠠ ᠬᠥᠮᠦᠰ ᠤᠨ ᠵᠠᠩᠭᠢᠯᠠᠭ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠡᠵᠡᠮᠰᠢᠵᠦ᠂ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢᠨ ᠪᠣᠭᠤᠮᠲᠠ ᠶᠢ ᠡᠷᠡᠰ ᠪᠠᠲᠤ ᠡᠵᠡᠮᠳᠡᠨ᠂ ᠵᠢᠭᠰᠠᠭᠠᠨ ᠪᠠᠶᠢᠴᠠᠭᠠᠬᠤ ᠳᠤ ᠥᠯᠥ ᠮᠡᠳᠡᠭᠦᠯᠬᠦ ᠲᠦᠷᠢᠮ ᠢ ᠬᠡᠷᠡᠭᠵᠢᠭᠦᠯᠬᠦ ᠶᠢᠨ ᠬᠠᠮᠲᠤ᠂ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ ᠵᠢᠴᠢ ᠲᠣᠮᠣ ᠳ᠋ᠠᠶᠢᠲ᠋ᠠ ᠶᠢ ᠬᠠᠷᠭᠤᠭᠤᠯᠤᠨ ᠪᠠᠶᠢᠴᠠᠭᠠᠬᠤ ᠶᠢᠨ ᠬᠠᠮᠤᠭ ᠤᠨ ᠲᠦᠷᠦᠭᠦᠨ ᠳᠤ ᠬᠠᠷᠢᠭᠤ ᠲᠤᠰᠬᠠᠬᠤ ᠮᠡᠳᠡᠭᠦᠯᠦᠯᠲᠡ ᠶᠢ ᠬᠡᠷᠡᠭᠵᠢᠭᠦᠯᠵᠦ᠂ ᠬᠠᠮᠤᠭ ᠤᠨ ᠲᠡᠷᠢᠭᠦᠨ ᠳᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠮᠤᠭ ᠤᠨ ᠲᠡᠷᠢᠭᠦᠨ ᠳᠤ ᠰᠢᠢᠳᠪᠦᠷᠢᠯᠡᠬᠦ ᠬᠡᠷᠡᠭᠲᠡᠶ᠂ ᠲᠦᠢᠯ ᠤᠨ ᠣᠨᠣᠪᠴᠢᠲᠠᠶ ᠪᠠᠷ ᠵᠢᠭᠰᠠᠭᠠᠨ ᠪᠠᠶᠢᠴᠠᠭᠠᠬᠤ ᠠᠵᠢᠯ ᠢ ᠪᠣᠳᠠᠲᠠᠶ ᠪᠥᠭᠡᠳ ᠪᠠᠲᠤ ᠠᠳᠬᠤᠵᠤ᠂ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠡᠷᠬᠡ ᠶᠢ ᠡᠷᠡᠰ ᠠᠳᠬᠤᠬᠤ ᠬᠡᠷᠡᠭᠲᠡᠢ᠃             ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ︽ᠥᠷᠭᠡᠨ︾᠎ ᠢ ᠴᠢᠬᠤᠯᠠᠴᠢᠯᠠᠨ᠎ᠠ᠃             ᠡᠯᠭᠦᠭᠡ ᠪᠢᠴᠢᠭᠡᠰᠦ᠂ ᠤᠬᠠᠭᠤᠯᠭ᠎ᠠ ᠶᠢᠨ ᠪᠤᠯᠤᠩ᠂ ᠲᠣᠰᠬᠤᠨ ᠪᠣᠯᠭᠠᠨ ᠳᠤ ᠳᠠᠭᠤᠷᠢᠰᠤᠭᠤᠯᠬᠤ᠂ ᠤᠬᠠᠭᠤᠯᠭ᠎ᠠ ᠶᠢᠨ ᠬᠠᠭᠤᠳᠠᠰᠤ᠂ ᠸᠢᠴᠠᠲ᠂ ᠲᠣᠰᠬᠤᠨ ᠨᠡᠶᠢᠭᠡᠮ ᠲᠤᠭᠤᠷᠢᠭ ᠨᠡᠪᠲᠡᠷᠡᠭᠦᠯᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠤᠬᠠᠭᠤᠯᠭ᠎ᠠ ᠥᠷᠨᠢᠭᠦᠯᠵᠦ᠂ ᠰᠢᠶᠤᠤ ᠡᠤ ᠵᠢᠶᠠ ᠰᠢᠶᠠᠩ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠪᠦᠬᠦ ᠰᠢᠶᠠᠩ ᠤᠨ ᠪᠦᠬᠦ ᠲᠣᠰᠬᠤᠨ ᠤ ᠠᠷᠠᠳ ᠲᠤ ᠥᠭᠭᠦᠭᠰᠡᠨ ᠵᠠᠬᠢᠳᠠᠯ︾᠎ ᠢ ᠨᠠᠶᠢᠷᠠᠭᠤᠯᠤᠨ ᠳᠠᠷᠤᠮᠠᠯᠯᠠᠵᠤ᠂ ᠥᠷᠭᠡᠨ ᠤᠯᠠᠨ ᠲᠣᠰᠬᠤᠨ ᠤ ᠠᠷᠠᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠴᠠᠭ ᠲᠤᠬᠠᠢ ᠳᠤᠨᠢ ᠲᠦᠭᠡᠮᠡᠯᠵᠢᠭᠦᠯᠵᠦ᠂ ᠬᠠᠮᠤᠭ ᠤᠨ ᠰᠢᠨ᠎ᠡ ᠰᠡᠷᠭᠡᠶᠢᠯᠡᠨ ᠡᠵᠡᠮᠳᠡᠬᠦ ᠲᠦᠷᠦ ᠶᠢᠨ ᠪᠤᠳᠤᠯᠭ᠎ᠠ ᠪᠣᠯᠤᠨ ᠱᠠᠭᠠᠷᠳᠠᠯᠭ᠎ᠠ ᠶᠢ ᠤᠬᠠᠭᠤᠯᠪᠠ᠃ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠨᠢ ᠴᠢᠩᠭᠠᠳᠬᠠᠵᠤ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠦᠨ᠂ 1 ᠮᠧᠲᠷ ᠠᠴᠠ ᠳᠡᠭᠡᠭᠰᠢᠬᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠶᠢ ᠵᠢᠷᠤᠮᠵᠢᠭᠤᠯᠤᠨ᠂ ᠣᠪᠣᠭᠠᠷᠠᠬᠤ ᠥᠬᠡᠶ᠂ ᠳᠤᠲᠠᠭᠤ ᠬᠤᠭᠤᠯᠠᠯᠠᠬᠤ᠂ ᠥᠯᠥ ᠴᠤᠭᠯᠠᠷᠠᠬᠤ ᠵᠡᠷᠭᠡ ᠰᠠᠶᠢᠨ ᠰᠠᠶᠢᠬᠠᠨ ᠳᠠᠳᠬᠠᠯ ᠢ ᠰᠠᠨᠠᠭᠠᠴᠢᠯᠠᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃             ᠬᠠᠮᠢᠶᠠᠷᠴᠤ ᠬᠢᠨᠠᠨ ᠵᠢᠯᠣᠭᠤᠳᠬᠤ ᠶᠢ ᠴᠢᠩᠭᠠᠳᠬᠠᠵᠤ᠂ ︽ᠴᠢᠩᠭ᠎ᠠ︾᠎ ᠶᠢ ᠴᠢᠬᠤᠯᠠᠴᠢᠯᠠᠨ᠎ᠠ᠃             ᠨᠢᠭᠡ ᠳᠤ᠂ ᠰᠢᠶᠠᠩ ᠣᠷᠣᠨ ᠤ ᠳᠣᠲᠣᠷᠠᠬᠢ ᠬᠤᠭᠤᠯᠠᠨ ᠭᠡᠷ᠂ ᠲᠠᠷᠢᠶᠠᠴᠢᠨ ᠠᠶᠢᠯ ᠤᠨ ᠵᠤᠭᠠᠴᠠᠯ᠂ ᠬᠡᠲᠦ ᠳᠡᠯᠭᠡᠭᠦᠷ᠂ ᠡᠮ ᠤᠨ ᠳᠡᠯᠭᠡᠭᠦᠷ ᠵᠢᠴᠢ ᠵᠢᠩ ᠠᠨ ᠰᠧ ᠰᠦᠮ᠎ᠡ᠂ ᠯᠠᠯᠤ ᠶᠢᠨ ᠰᠦᠮ᠎ᠡ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠠᠷᠢᠭᠤᠨ ᠴᠡᠪᠡᠷ ᠬᠢᠭᠡᠳ ᠠᠷᠢᠭᠤᠳᠬᠠᠬᠤ ᠤᠳᠠᠭ᠎ᠠ ᠳᠠᠷᠠᠭ᠎ᠠ ᠶᠢ ᠨᠡᠮᠡᠭᠳᠡᠭᠦᠯᠵᠦ᠂ ᠠᠷᠢᠭᠤᠨ ᠴᠡᠪᠡᠷ ᠢᠶᠠᠷ ᠠᠷᠢᠭᠤᠳᠬᠠᠬᠤ ᠠᠵᠢᠯ ᠤᠨ ᠲᠡᠮᠳᠡᠭᠯᠡᠯ ᠪᠠ ᠲᠡᠮᠳᠡᠭ ᠢ ᠰᠠᠶᠢᠲᠤᠷ ᠬᠢᠵᠦ᠂ ᠰᠠᠯᠬᠢ ᠰᠠᠶᠢᠨ ᠨᠡᠪᠲᠡᠷᠡᠬᠦ ᠪᠠᠶᠢᠳᠠᠯ ᠢ ᠪᠠᠲᠤᠯᠠᠬᠤ ᠬᠡᠷᠡᠭᠲᠡᠶ︔ ᠬᠥᠮᠦᠨ ᠤ ᠤᠷᠤᠰᠬᠠᠯ ᠤᠨ ᠬᠡᠪᠴᠢᠶ᠎ᠡ ᠪᠠ ᠨᠢᠭᠲᠠᠴᠠ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠬᠢᠵᠠᠭᠠᠷᠯᠠᠬᠤ ᠬᠡᠷᠡᠭᠲᠡᠶ︔ ᠲᠠᠯᠠᠪᠤᠷ ᠤᠨ ᠣᠷᠣᠬᠤ ᠡᠭᠦᠳᠡᠨ ᠳᠤ ᠡᠷᠡᠭᠦᠯ ᠮᠡᠨᠳᠦ ᠶᠢᠨ ᠺᠣᠳ᠋᠂ ᠵᠠᠮ ᠬᠠᠷᠢᠯᠴᠠᠭᠠᠨ ᠤ ᠲᠣᠮᠣ ᠳ᠋ᠠᠶᠢᠲ᠋ᠠ ᠶᠢᠨ ᠺᠣᠳ᠋ ᠢ ᠪᠠᠶᠢᠴᠠᠭᠠᠨ ᠰᠢᠯᠭᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠮᠡᠳᠡᠭᠡ ᠵᠠᠩᠭᠢ ᠶᠢ ᠲᠡᠮᠳᠡᠭᠯᠡᠬᠦ ᠵᠡᠷᠭᠡ ᠵᠣᠬᠢᠬᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ ᠰᠢᠶᠠᠩ ᠤᠨ ᠨᠠᠰᠤᠲᠠᠨ ᠢ ᠠᠰᠠᠷᠠᠬᠤ ᠬᠦᠷᠢᠶᠡᠯᠡᠩ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ ᠴᠡᠪᠡᠷᠯᠡᠨ ᠤᠬᠢᠶᠠᠬᠤ᠂ ᠠᠷᠢᠭᠤᠳᠬᠠᠬᠤ᠂ ᠰᠠᠯᠬᠢ ᠨᠡᠪᠲᠡᠷᠡᠭᠦᠯᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠡᠳᠦᠷ ᠪᠦᠷᠢ ᠶᠢᠨ ᠪᠡᠶ᠎ᠡ ᠶᠢᠨ ᠬᠠᠯᠠᠭᠤᠨ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠤᠯᠠᠭᠠᠨᠬᠠᠳᠠ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 4 ᠳ᠋ᠦᠭᠡᠷ ᠲᠣᠭᠠᠲᠤ ᠵᠠᠷᠯᠢᠭ ᠪᠠ ᠶᠤᠸᠠᠨ ᠪᠦᠦ ᠱᠠᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2021 ᠣᠨ ᠤ 1 ᠳ᠋ᠦᠭᠡᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠤᠲᠠ ᠶᠢᠨ ᠭᠠᠳᠠᠨ᠎ᠠ ᠠᠴᠠ ᠨᠤᠲᠤᠭ ᠲᠠᠭᠠᠨ ᠪᠤᠴᠠᠭᠰᠠᠨ ᠬᠥᠮᠦᠰ ᠲᠤ ᠴᠢᠩᠭ᠎ᠠ ᠣᠨᠣᠪᠴᠢᠲᠠᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃
 
ᠢᠷᠡᠯᠲᠡ᠄ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1