ᠹᠧᠩ ᠱᠦᠶ ᠭᠸᠦ ᠪᠠᠯᠭᠠᠰᠤᠨ ᠤ ᠨᠢᠭᠡ ᠲᠣᠰᠬᠤᠨ ᠤ ᠠᠷᠠᠳ ᠰᠠᠨᠠᠭᠠᠴᠢᠯᠠᠭ᠎ᠠ ᠠᠴᠠ ᠪᠠᠨ ᠥᠬᠢᠨ ᠤ ᠪᠠᠨ ᠬᠤᠷᠢᠮ ᠢ ᠬᠦᠴᠦᠨ ᠥᠬᠡᠶ ᠪᠣᠯᠭᠠᠭᠰᠠᠨ ᠶᠠᠪᠤᠳᠠᠯ ᠨᠢ ᠲᠥᠷᠥᠯ ᠰᠠᠳᠤᠨ ᠨᠠᠶᠢᠵᠠ ᠨᠥᠬᠦᠳ ᠤᠨ ᠢᠶᠠᠨ ᠮᠠᠭᠲᠠᠭᠠᠯ ᠢ ᠤᠯᠪᠠ
ᠨᠡᠶᠢᠲᠡᠯᠡᠭᠰᠡᠨ ᠴᠠᠭ᠄
2021/1/25
          1 ᠰᠠᠷ᠎ᠠ ᠶᠢᠨ 18᠎ ᠤ ᠡᠳᠦᠷ᠂ ᠹᠧᠩ ᠱᠦᠶ ᠭᠸᠤ ᠪᠠᠯᠭᠠᠰᠤᠨ ᠤ ᠰᠢᠩ ᠯᠦᠩ ᠫᠦᠸᠧ ᠲᠣᠰᠬᠤᠨ ᠤ ᠠᠷᠠᠳ ᠴᠢ ᠣᠪᠣᠭᠲᠤ ᠥᠬᠢᠨ ᠤ ᠪᠠᠨ ᠬᠤᠷᠢᠮ ᠢ ᠰᠠᠨᠠᠭᠠᠴᠢᠯᠠᠭ᠎ᠠ ᠠᠴᠠ ᠪᠠᠨ ᠬᠦᠴᠦᠨ ᠥᠬᠡᠶ ᠪᠤᠯᠭᠠᠵᠤ᠂ ᠲᠥᠷᠥᠯ ᠰᠠᠳᠤᠨ ᠨᠠᠶᠢᠵᠠ ᠨᠥᠬᠦᠳ ᠤᠨ ᠢᠶᠠᠨ ᠮᠠᠭᠲᠠᠭᠠᠯ ᠰᠠᠶᠢᠰᠢᠶᠠᠯ ᠢ ᠣᠯᠵᠠᠶ᠃          ᠣᠶᠢᠯᠠᠭᠠᠭᠰᠠᠨ ᠢᠶᠠᠷ᠂ 1 ᠰᠠᠷ᠎ᠠ ᠶᠢᠨ 18᠎ ᠤ ᠡᠳᠦᠷ ᠪᠣᠯ ᠴᠢ ᠣᠪᠣᠭᠲᠤ ᠠᠯᠢ ᠡᠷᠲᠡ ᠥᠬᠢᠨ ᠳᠡᠭᠡᠨ ᠰᠣᠩᠭᠤᠵᠤ ᠥᠭᠭᠦᠭᠰᠡᠨ ᠥᠯᠵᠡᠶᠢᠲᠦ ᠡᠳᠦᠷ ᠪᠣᠯᠤᠨ᠎ᠠ᠂ ᠲᠡᠷᠡ ᠥᠪᠡᠷ ᠤᠨ ᠭᠡᠷ ᠲᠡᠭᠡᠨ ᠬᠤᠷᠢᠮ ᠤᠨ ᠶᠣᠰᠣᠯᠠᠯ ᠬᠢᠬᠦ ᠪᠠᠷ ᠪᠡᠯᠡᠳᠭᠡᠵᠤ᠂ ᠲᠥᠷᠥᠯ ᠰᠠᠳᠤᠨ ᠨᠠᠶᠢᠵᠠ ᠨᠥᠬᠦᠳ ᠢᠶᠠᠨ ᠵᠠᠯᠠᠵᠤ ᠥᠬᠢᠨ ᠳᠡᠭᠡᠨ ᠢᠷᠥᠭᠡᠯ ᠳᠡᠪᠰᠢᠭᠦᠯᠵᠦ᠂ ᠪᠠᠶᠠᠷ ᠤᠨ ᠢᠳᠬᠠᠯ ᠭᠠᠷᠭᠠᠵᠤ᠂ ᠢᠳᠡᠭᠡᠨ ᠤ ᠮᠠᠲ᠋ᠧᠷᠢᠶᠠᠯ ᠢᠶᠠᠨ ᠪᠡᠯᠡᠳᠬᠡᠪᠡ᠃ ᠭᠡᠲᠡᠯ᠎ᠡ᠂ ᠨᠢᠭᠡ ᠲᠠᠯ᠎ᠠ ᠪᠠᠷ᠂ ᠤᠯᠤᠰ ᠳᠠᠶᠠᠭᠠᠷ ᠢᠶᠠᠨ ᠴᠥᠮ ᠬᠢᠵᠢᠭ ᠤᠨ ᠪᠠᠶᠢᠳᠠᠯ ᠤᠨ ᠲᠥᠯᠥᠭᠡ ᠰᠠᠨᠠᠭᠠᠰᠢᠷᠠᠵᠤ᠂ ᠪᠠᠯᠭᠠᠰᠤ᠂ ᠲᠣᠰᠬᠤᠨ ᠴᠤ ᠡᠯ᠎ᠡ ᠵᠦᠢᠯ ᠤᠨ ᠤᠬᠠᠭᠤᠯᠭ᠎ᠠ ᠶᠢᠨ ᠠᠷᠭ᠎ᠠ ᠵᠠᠮ ᠢᠶᠠᠷ ︽ᠣᠷᠤᠭ ᠬᠤᠷᠢᠮ ᠢ ᠬᠤᠶᠢᠰᠢᠯᠠᠭᠤᠯᠤᠨ ᠭᠦᠢᠴᠡᠳᠭᠡᠬᠦ︾᠎ ᠶᠢ ᠰᠠᠨᠠᠭᠠᠴᠢᠯᠠᠵᠤ ᠪᠠᠶᠢᠨ᠎ᠠ︔ ᠨᠥᠭᠦᠭᠡ ᠲᠠᠯ᠎ᠠ ᠪᠠᠷ᠂ ᠵᠠᠩᠰᠢᠯ ᠢᠶᠠᠷ ᠪᠣᠯ᠂ ᠵᠠᠬᠢᠶᠠᠯᠠᠭᠰᠠᠨ ᠤᠷᠤᠭ ᠤᠨ ᠬᠤᠭᠤᠴᠠᠭ᠎ᠠ ᠶᠢ ᠥᠭᠡᠷᠡᠴᠢᠯᠡᠵᠦ ᠪᠣᠯᠬᠤ ᠦᠭᠡᠶ᠂ ᠨᠡᠩ ᠢᠯᠠᠩᠭᠤᠶ᠎ᠠ ᠭᠡᠷ ᠪᠦᠯᠢ ᠶᠢᠨ ᠨᠥᠬᠦᠴᠡᠯ ᠨᠢ ᠲᠡᠶᠢᠮᠦ ᠰᠠᠶᠢᠨ ᠪᠢᠰᠢ ᠴᠢ ᠣᠪᠣᠭᠲᠤ ᠳᠤ ᠠᠪᠴᠤ ᠬᠡᠯᠡᠪᠡᠯ᠂ ᠬᠤᠷᠢᠮ ᠤᠨ ᠶᠣᠰᠣᠯᠠᠯ ᠢ ᠬᠦᠴᠦᠨ ᠦᠭᠡᠶ ᠪᠣᠯᠭᠠᠬᠤ ᠨᠢ ᠪᠠᠰᠠ ᠨᠢᠭᠡ ᠶᠡᠭᠡ ᠬᠤᠬᠢᠷᠠᠯ ᠪᠣᠯᠬᠤ ᠶᠤᠮ᠃ ᠡᠶᠢᠮᠦ ᠠᠴᠠ ᠴᠢ ᠣᠪᠣᠭᠲᠤ ᠶᠢᠨ ᠬᠢᠨ ᠦᠨᠡᠬᠡᠷ ᠰᠡᠳᠬᠢᠯ ᠠᠮᠤᠷ ᠦᠭᠡᠢ᠂ ᠡᠷᠡᠭᠡᠯᠵᠡᠨ ᠲᠠᠲᠠᠭᠠᠯᠵᠠᠵᠤ ᠪᠠᠶᠢᠪᠠ᠃           ︽ᠴᠢ ᠭᠤᠸᠠᠢ᠂ ᠣᠲᠣ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠲᠠ ᠪᠣᠯᠤᠨ ᠣᠯᠠᠨ ᠤ ᠠᠮᠤᠷ ᠲᠦᠪᠰᠢᠨ ᠤ ᠲᠥᠯᠥᠭᠡ᠂ ᠬᠠᠰᠢᠯᠠ ᠲᠦᠷ ᠬᠤᠶᠢᠰᠢᠯᠠᠭᠤᠯᠬᠤ ᠪᠤᠶᠤ ᠬᠦᠴᠦᠨ ᠥᠬᠡᠶ ᠪᠣᠯᠭᠠᠴᠢᠬ᠎ᠠ᠂ ᠲᠠ ᠪᠢᠳᠡᠨ ᠤ ᠠᠵᠢᠯ ᠢ ᠣᠶᠢᠯᠠᠭᠠᠵᠤ ᠬᠠᠮᠵᠢᠯᠴᠠᠬᠤ ᠶᠢ ᠬᠦᠰᠡᠵᠦ ᠪᠠᠶᠢᠨ᠎ᠠ︕︾ 1 ᠰᠠᠷ᠎ᠠ ᠶᠢᠨ 15᠎ ᠤ ᠡᠳᠦᠷ᠂ ᠹᠧᠩ ᠱᠦᠢ ᠭᠸᠦ ᠪᠠᠯᠭᠠᠰᠤ ᠶᠢᠨ ᠰᠢᠩ ᠯᠦᠩ ᠫᠦᠸᠧ ᠲᠣᠰᠬᠤᠨ ᠤ ︽ᠬᠤᠶᠠᠷ ᠵᠥᠪᠯᠡᠯ︾᠎ ᠤᠨ ᠪᠦᠷᠢᠯᠳᠦᠬᠦᠨ᠂   ᠬᠡᠰᠡᠭᠵᠢᠭᠦᠯᠦᠭᠴᠢ ᠪᠣᠯᠤᠨ ᠲᠣᠰᠬᠤᠨ ᠤ ᠤᠳᠤᠷᠢᠳᠤᠯᠭ᠎ᠠ ᠬᠠᠮᠲᠤ ᠪᠠᠷ ᠴᠢ ᠣᠪᠣᠭᠲᠤ ᠳᠤ ᠦᠵᠡᠯ ᠰᠠᠨᠠᠭᠠᠨ ᠤ ᠠᠵᠢᠯ ᠬᠢᠵᠦ ᠥᠭᠪᠡ᠃          ᠴᠢ ᠣᠪᠣᠭᠲᠤ ᠪᠣᠳᠣᠨ ᠪᠣᠳᠣᠭᠰᠠᠭᠠᠷ ᠨᠢᠭᠡ ᠭᠡᠷ ᠤᠨ ᠬᠢᠨ ᠢ ᠳᠠᠭᠤᠳᠠᠨ ᠠᠪᠴᠢᠷᠠᠵᠤ᠄ ︽ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠬᠠᠰᠢᠯᠠ ᠬᠤᠷᠢᠮ ᠢᠶᠠᠨ ᠬᠢᠬᠦ ᠪᠠᠨ ᠪᠤᠯᠢᠶ᠎ᠠ᠂ ᠪᠢᠳᠡ ᠨᠡᠶᠢᠭᠡᠮ ᠳᠤ ᠶᠠᠷᠰᠢᠭ ᠲᠠᠲᠠᠵᠤ ᠪᠣᠯᠬᠤ ᠥᠬᠡᠶ᠃ ᠬᠡᠷᠪᠡ ᠵᠠᠷᠢᠮ ᠬᠥᠮᠦᠨ ᠡᠨᠡ ᠤᠳᠠᠭᠠᠨ ᠤ ᠨᠠᠶᠢᠷ ᠠᠴᠠ ᠪᠣᠯᠵᠤ ᠨᠥᠯᠥᠭᠡᠯᠡᠭᠳᠡᠭᠰᠡᠨ ᠪᠣᠯ ᠪᠢᠳᠡ ᠬᠡᠨ ᠴᠦ ᠡᠪ ᠦᠭᠡᠢ ᠪᠣᠯᠤᠨ᠎ᠠ᠃︾ ᠭᠡᠵᠡᠢ᠃          ᠴᠢ ᠣᠪᠣᠭᠲᠤ ᠶᠢᠨ ᠬᠡᠯᠡᠭᠰᠡᠨ ᠦᠭᠡ ᠨᠢ ᠪᠦᠬᠦ ᠭᠡᠷ ᠤᠨ ᠬᠥᠮᠦᠰ ᠤᠨ ᠣᠶᠢᠯᠠᠭᠠᠯᠲᠠ ᠶᠢ ᠣᠯᠵᠠᠶ᠃ ︽ᠵᠥᠪᠬᠡᠨ 1 %᠎ ᠶᠢᠨ ᠲᠣᠬᠢᠶᠠᠯᠳᠤᠮᠵᠢ ᠪᠠᠶᠢᠭᠰᠠᠨ ᠴᠤ᠂ ᠪᠢᠳᠡ ᠪᠠᠰᠠ ᠡᠯ᠎ᠡ ᠨᠠᠶᠢᠵᠠ ᠨᠠᠷ ᠤᠨ ᠠᠮᠢ ᠨᠠᠰᠤᠨ ᠤ ᠡᠷᠡᠭᠦᠯ ᠮᠡᠨᠳᠦ ᠪᠠᠷ ᠮᠥᠷᠥᠶ ᠲᠠᠯᠪᠢᠬᠤ ᠵᠣᠷᠢᠭ ᠦᠭᠡᠢ᠃ ᠬᠡᠷᠪᠡ ᠲᠥᠷᠥᠯ ᠰᠠᠳᠤᠨ ᠰᠠᠶᠢᠨ ᠨᠠᠶᠢᠵᠠ ᠡᠭᠦᠨ ᠠᠴᠠ ᠪᠣᠯᠵᠤ ᠪᠡᠶ᠎ᠡ ᠨᠢ ᠡᠪ ᠦᠭᠡᠢ ᠪᠣᠯᠪᠠᠯ᠂ ᠡᠨᠡ ᠬᠤᠷᠢᠮ ᠠᠩᠬᠠᠨ ᠤ ᠤᠳᠬ᠎ᠠ ᠠᠭᠤᠯᠭ᠎ᠠ ᠪᠠᠨ ᠠᠯᠳᠠᠨ᠎ᠠ᠃︾ ᠪᠦᠬᠦ ᠲᠠᠯ᠎ᠠ ᠶᠢ ᠬᠠᠷᠠᠭᠠᠯᠵᠠᠵᠤ ᠪᠠᠶᠢᠭ᠎ᠠ ᠥᠬᠢᠨ ᠠᠪᠤ ᠳᠠᠭᠠᠨ ᠬᠡᠯᠡᠪᠡ᠃          ᠳᠠᠷᠠᠭ᠎ᠠ ᠨᠢ᠂ ᠴᠢ ᠣᠪᠣᠭᠲᠤ ᠤᠲᠠᠰᠤ ᠪᠠ ᠸᠢᠴᠠᠲ ᠢᠶᠠᠷ ᠳᠠᠮᠵᠢᠭᠤᠯᠤᠨ ᠡᠯ᠎ᠡ ᠲᠥᠷᠥᠯ ᠰᠠᠳᠤᠨ ᠨᠠᠶᠢᠵᠠ ᠨᠥᠬᠦᠳ ᠲᠡᠭᠡᠨ ᠬᠤᠷᠢᠮ ᠤᠨ ᠶᠣᠰᠣᠯᠠᠯ ᠢᠶᠠᠨ ᠬᠦᠴᠦᠨ ᠥᠬᠡᠶ ᠪᠣᠯᠭᠠᠬᠤ ᠶᠢ ᠮᠡᠳᠡᠭᠳᠡᠪᠡ᠃ ᠮᠡᠳᠡᠭᠡ ᠭᠠᠷᠤᠮᠠᠭᠴᠠ᠂ ᠲᠥᠷᠥᠯ ᠰᠠᠳᠤᠨ ᠨᠠᠶᠢᠵᠠ ᠨᠥᠬᠦᠳ ᠤᠨ ᠣᠶᠢᠯᠠᠭᠠᠯᠲᠠ ᠪᠣᠯᠤᠨ ᠮᠠᠭᠲᠠᠭᠠᠯ ᠰᠠᠶᠢᠰᠢᠶᠠᠯ ᠢ ᠣᠯᠵᠠᠢ᠂ ᠬᠡᠳᠦ᠋ᠢᠪᠡᠷ ᠬᠤᠷᠢᠮ ᠨᠠᠶᠢᠷ ᠬᠢᠬᠦ ᠪᠠᠨ ᠪᠣᠯᠢᠭᠰᠠᠨ ᠪᠣᠯᠪᠠᠴᠤ᠂ ᠮᠥᠨ ᠯᠡ ᠲᠥᠷᠥᠯ ᠰᠠᠳᠤᠨ ᠤ ᠪᠠᠨ ᠳᠦᠭᠦᠷᠡᠩ ᠢᠷᠦᠭᠡᠯ ᠵᠥᠩᠨᠡᠯ ᠢ ᠣᠯᠵᠠᠢ᠃          ︽ᠴᠠᠭᠠᠨ ᠰᠠᠷ᠎ᠠ ᠶᠢᠨ ᠬᠤᠭᠤᠴᠠᠭᠠᠨ ᠳᠤ᠂ ᠬᠥᠳᠡᠭᠡ ᠲᠣᠰᠬᠤᠨ ᠳᠤ ᠬᠤᠷᠢᠮ ᠤᠨ ᠶᠣᠰᠣᠯᠠᠯ ᠬᠢᠬᠦ ᠣᠷᠭᠢᠯ ᠦᠶ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠨᠠᠶᠢᠷ ᠬᠢᠬᠦ ᠬᠥᠮᠦᠰ ᠴᠤᠭᠯᠠᠷᠠᠵᠤ ᠰᠣᠯᠪᠢᠴᠠᠨ ᠬᠠᠯᠳᠠᠪᠤᠷᠢᠯᠠᠬᠤ ᠠᠴᠠ ᠰᠡᠷᠭᠡᠢᠯᠡᠬᠦ ᠶᠢᠨ ᠲᠥᠯᠥᠭᠡ᠂ ᠮᠠᠨ ᠤ ᠪᠠᠯᠭᠠᠰᠤ ︽ᠪᠦᠷᠢᠶ᠎ᠡ ᠳᠤᠤᠭᠠᠷᠴᠤ᠂ ᠲᠤᠰᠬᠠᠶ ᠲᠡᠷᠭᠡ ᠳᠠᠪᠬᠢᠨ ᠪᠤᠰᠴᠤ᠂ ᠬᠥᠨᠳᠡᠯᠡᠨ ᠪᠢᠴᠢᠭᠡᠰᠦ ᠶᠢ ᠡᠯᠭᠦᠬᠦ᠂ ᠳᠡᠯᠭᠡᠭᠦᠷᠭᠡ ᠶᠢ ᠨᠠᠭᠠᠬᠤ᠂ ᠳᠡᠯᠭᠡᠴᠡ ᠶᠢ ᠭᠡᠷᠡᠯᠲᠦᠭᠦᠯᠬᠦ᠂ ᠸᠢᠴᠠᠲ ᠳᠠᠮᠵᠢᠭᠤᠯᠬᠤ︾ ᠵᠢᠴᠢ ᠬᠡᠰᠡᠭᠵᠢᠭᠦᠯᠦᠭᠰᠡᠨ ᠠᠵᠢᠯᠲᠡᠨ ᠡᠷᠦᠬᠡ ᠳᠤ ᠣᠷᠣᠵᠤ ᠤᠬᠠᠭᠤᠯᠬᠤ ᠵᠡᠷᠭᠡ ᠠᠷᠭ᠎ᠠ ᠬᠡᠯᠪᠡᠷᠢ ᠪᠠᠷ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠪᠡ᠂ ᠬᠢᠵᠢᠭ ᠢ ᠰᠡᠷᠭᠡᠶᠢᠯᠡᠬᠦ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠶ ᠲᠠᠶᠢᠯᠤᠮᠵᠢ ᠬᠢᠪᠠ᠂ ᠪᠥᠬᠦ ᠪᠠᠯᠭᠠᠰᠤᠨ ᠤ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠬᠢᠵᠢᠭ ᠤᠨ ᠪᠠᠶᠢᠳᠠᠯ ᠳᠤ ᠰᠢᠨᠵᠢᠯᠡᠬᠦ ᠤᠬᠠᠭᠠᠨᠴᠢ ᠪᠥᠭᠡᠳ ᠣᠶᠤᠨᠴᠢ ᠪᠠᠷ ᠬᠠᠨᠳᠤᠬᠤ ᠬᠡᠷᠡᠭᠲᠡᠶ᠂ ︿ᠤᠯᠠᠭᠠᠨ ᠤᠴᠢᠷ ᠢ ᠬᠤᠶᠢᠰᠢᠯᠠᠭᠤᠯᠤᠨ  ᠰᠢᠢᠳᠪᠦᠷᠢᠯᠡᠬᠦ᠂ ᠴᠠᠭᠠᠨ ᠬᠡᠷᠡᠭ ᠢ ᠳᠥᠭᠦᠮᠴᠢᠯᠡᠬᠦ﹀᠎ ᠶᠢ ᠶᠡᠭᠡ ᠪᠠᠷ ᠰᠠᠨᠠᠭᠠᠴᠢᠯᠠᠨ᠎ᠠ᠂ ᠬᠥᠮᠦᠨ ᠴᠤᠭᠯᠠᠷᠠᠬᠤ ᠶᠢ ᠴᠢᠩᠭ᠎ᠠ ᠰᠡᠷᠭᠡᠶᠢᠯᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠬᠢᠵᠠᠭᠠᠷᠯᠠᠬᠤ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ ᠪᠠᠲᠤᠯᠠᠬᠤ ᠬᠡᠷᠡᠭᠲᠡᠶ︕︾ ᠭᠡᠵᠦ ᠹᠧᠩ ᠱᠦᠢ ᠭᠸᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠯᠢ ᠶᠦᠨ ᠹᠧᠩ ᠬᠡᠯᠡᠪᠡ᠃         ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠹᠧᠩ ᠱᠦᠶ ᠭᠸᠦ ᠪᠠᠯᠭᠠᠰᠤᠨ ᠳᠤ᠂ ᠴᠢ ᠣᠪᠣᠭᠲᠤ ᠲᠠᠢ ᠠᠳᠠᠯᠢ ᠪᠠᠷ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢ ᠣᠶᠢᠯᠠᠭᠠᠵᠤ᠂ ᠬᠠᠮᠵᠢᠯᠴᠠᠵᠤ᠂ ᠳᠡᠮᠵᠢᠵᠦ ᠪᠠᠶᠢᠭ᠎ᠠ ᠣᠯᠠᠨ ᠲᠦᠮᠡᠨ ᠪᠠᠰᠠ ᠮᠠᠰᠢ ᠣᠯᠠᠨ ᠪᠠᠶᠢᠵᠤ᠂ ᠲᠣᠰᠬᠤᠨ ᠤ ᠠᠷᠠᠳ ᠴᠥᠮ ᠳᠤᠷᠠᠲᠠᠶ᠎ᠠ ᠬᠡᠪ ᠵᠠᠩᠰᠢᠯ ᠢᠶᠠᠨ ᠥᠭᠡᠷᠡᠴᠢᠯᠡᠨ᠂ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠬᠢᠵᠢᠭ ᠢ ᠬᠠᠮᠲᠤ ᠪᠠᠷ ᠡᠰᠡᠷᠭᠦᠴᠡᠨ᠎ᠡ ᠭᠡᠵᠦ ᠢᠯᠡᠳᠬᠡᠵᠡᠭᠡᠪᠡ᠃      
 
ᠢᠷᠡᠯᠲᠡ᠄ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1