| | ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ | ᠳᠡᠭᠡᠳᠦ ᠱᠠᠲᠤᠨ ᠤ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠶᠤᠸᠠᠨ ᠪᠦᠦ ᠱᠠᠨ | ᠲᠣᠭᠤᠷᠢᠭ ᠤᠨ ᠬᠢᠨ 10 ᠰᠠᠷ᠎ᠠ ᠶᠢᠨ 17 ᠤ ᠡᠳᠦᠷ ᠠᠴᠠ ᠡᠬᠢᠯᠡᠨ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠶᠢ | ᠴᠢᠩᠭᠠᠳᠬᠠᠬᠤ ᠠᠵᠢᠯ ᠢ ᠵᠢᠩᠬᠢᠨᠢ ᠪᠠᠷ ᠡᠬᠢᠯᠡᠭᠦᠯᠦᠨ᠎ᠡ᠂ ᠡᠳᠦᠭᠡ ᠪᠣᠳᠠᠲᠠᠶ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠲᠠᠷᠢᠯᠭ᠎ᠠ ᠬᠢᠬᠦ ᠬᠡᠪᠴᠢᠶ᠎ᠡ | ᠪᠥᠬᠦ ᠲᠣᠭᠤᠷᠢᠭ ᠤᠨ 18 ᠨᠠᠰᠤ ᠵᠢᠴᠢ 18 ᠨᠠᠰᠤᠨ ᠠᠴᠠ ᠳᠡᠭᠡᠭᠰᠢᠬᠢ ᠰᠢᠨ᠎ᠡ ᠲᠢᠲᠢᠮ ᠤᠨ ᠸᠢᠷᠦ᠋ᠰ ᠤᠨ | ᠢᠳᠡᠪᠬᠢ ᠥᠬᠡᠶᠢᠳᠡᠭᠦᠯᠬᠦ ᠸᠠᠺᠼᠢᠨ ᠤ ᠪᠥᠬᠦ ᠶᠠᠪᠤᠴᠠ ᠶᠢᠨ ᠲᠠᠷᠢᠯᠭ᠎ᠠ ᠶᠢ ᠨᠢᠭᠡᠨᠲᠡ ᠪᠡᠶᠡᠯᠡᠭᠦᠯᠦᠭᠰᠡᠨ ᠬᠥᠮᠦᠰ ᠤᠨ | ᠪᠥᠬᠦ ᠶᠠᠪᠤᠴᠠ ᠶᠢᠨ ᠲᠠᠷᠢᠯᠭ᠎ᠠ ᠶᠢ ᠪᠡᠶᠡᠯᠡᠭᠦᠯᠬᠦ ᠴᠠᠭ ᠨᠢ ᠪᠦᠬᠦᠯᠢ 6 ᠰᠠᠷ᠎ᠠ ︵ᠢᠳᠡᠪᠬᠢ ᠥᠬᠡᠶᠢᠳᠡᠭᠦᠯᠬᠦ | ᠸᠠᠺᠼᠢᠨ ᠤ ᠬᠤᠶᠠᠳᠠᠬᠢ ᠲᠠᠷᠢᠯᠭ᠎ᠠ ᠶᠢᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶ ᠬᠦᠷᠴᠦ ᠪᠠᠶᠢᠨ᠎ᠠ᠃ | ᠬᠤᠶᠠᠷ᠂ ᠲᠠᠷᠢᠯᠭ᠎ᠠ ᠬᠢᠬᠦ ᠭᠠᠵᠠᠷ | ᠣᠳᠣᠬᠠᠨ ᠳᠤ᠂ ᠮᠠᠨ ᠤ ᠲᠣᠭᠤᠷᠢᠭ ᠤᠨ ᠲᠠᠷᠢᠯᠭ᠎ᠠ ᠶᠢ ᠴᠢᠩᠭᠠᠳᠬᠠᠬᠤ ᠲᠠᠷᠢᠯᠭ᠎ᠠ ᠶᠢᠨ ᠴᠡᠭ ᠪᠣᠯ᠄ ᠶᠤᠸᠠᠨ ᠪᠦᠦ | ᠱᠠᠨ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠬᠦᠷᠢᠶᠡᠯᠡᠩ ︵ᠰᠢᠨ᠎ᠡ ᠬᠠᠶ᠋ᠢᠭ︶᠂ ᠳ᠋ᠦᠩ ᠴᠧᠩ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠶᠤᠸᠠᠨ ᠪᠦᠦ ᠱᠠᠨ ᠠᠭᠤᠷᠬᠠᠶ ᠶᠢᠨ | ᠡᠮᠨᠡᠯᠭᠡ ᠶᠢᠨ ᠬᠤᠷᠢᠶ᠎ᠠ᠂ ᠶᠦᠨ ᠱᠠᠨ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠪᠣᠯᠤᠨ᠎ᠠ᠃ ᠰᠡᠭᠦᠯᠴᠢ ᠶᠢᠨ ᠬᠤᠭᠤᠴᠠᠭᠠᠨ ᠳᠤ ᠪᠣᠳᠠᠲᠠᠶ ᠪᠠᠶᠢᠳᠠᠯ ᠢ ᠦᠨᠳᠦᠰᠦᠯᠡᠨ ᠲᠠᠷᠢᠯᠭ᠎ᠠ ᠶᠢᠨ ᠴᠡᠭ ᠢ | ᠴᠠᠭ ᠲᠤᠬᠠᠶ ᠳᠤᠨᠢ ᠨᠡᠮᠡᠭᠳᠡᠭᠦᠯᠦᠨ᠎ᠡ᠃ | 1、ᠲᠠᠷᠢᠯᠭ᠎ᠠ ᠶᠢᠨ ᠴᠡᠭ ᠤᠨ ᠨᠡᠷᠡᠶᠢᠳᠦᠯ᠄ ᠶᠤᠸᠠᠨ ᠪᠦᠦ ᠱᠠᠨ ᠲᠣᠭᠤᠷᠢᠭ ᠤᠨ ᠡᠬᠡ ᠨᠢᠯᠬᠠᠰ ᠤᠨ | ᠡᠷᠡᠭᠦᠯᠵᠢᠯ ᠤᠨ ᠬᠦᠷᠢᠶᠡᠯᠡᠩ ︵ᠰᠢᠨ᠎ᠡ ᠬᠠᠶ᠋ᠢᠭ︶ | ᠬᠠᠶ᠋ᠢᠭ᠄ ᠳᠣᠲᠣᠭᠠᠳᠤ ᠴᠠᠭᠠᠷᠢᠭ ᠤᠨ ᠪᠠᠷᠠᠭᠤᠨ ᠵᠠᠮ ᠤᠨ ᠪᠠᠷᠠᠭᠤᠨ ᠲᠠᠯ᠎ᠠ ᠶᠢᠨ ᠰᠢᠨ ᠵᠢᠩ ᠴᠡᠴᠡᠷᠯᠢᠭ ᠤᠨ | ᠡᠰᠡᠷᠭᠦ ᠲᠠᠯ᠎ᠠ | ᠬᠠᠷᠢᠯᠴᠠᠬᠤ ᠤᠲᠠᠰᠤ᠄ 2245085 | 2、ᠲᠠᠷᠢᠯᠭ᠎ᠠ ᠶᠢᠨ ᠴᠡᠭ ᠤᠨ ᠨᠡᠷᠡᠶᠢᠳᠦᠯ᠄ ᠳ᠋ᠦᠩ ᠴᠧᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ | ᠬᠠᠶ᠋ᠢᠭ᠄ ᠪᠦᠦ ᠱᠠᠨ ᠵᠠᠮ ᠬᠢᠭᠡᠳ ᠯᠢᠩ ᠾᠧ ᠵᠡᠭᠡᠯᠢ ᠶᠢᠨ ᠠᠭᠤᠯᠵᠠᠷ ᠭᠠᠵᠠᠷ ᠤᠨ ᠢ ᠵᠢᠩ ᠶᠤᠸᠠᠨ | ᠰᠠᠭᠤᠭᠠᠯᠢ ᠠᠷᠠᠳ ᠤᠨ ᠲᠣᠭᠤᠷᠢᠭ ᠤᠨ ᠬᠦᠷᠢᠶᠡᠨ ᠳᠣᠲᠣᠷ᠎ᠠ | ᠬᠠᠷᠢᠯᠴᠠᠬᠤ ᠤᠲᠠᠰᠤ᠄ 3509499 | 3、ᠲᠠᠷᠢᠯᠭ᠎ᠠ ᠶᠢᠨ ᠴᠡᠭ ᠤᠨ ᠨᠡᠷᠡᠶᠢᠳᠦᠯ᠄ ᠶᠤᠸᠠᠨ ᠪᠦᠦ ᠱᠠᠨ ᠠᠭᠤᠷᠬᠠᠶ ᠶᠢᠨ ᠡᠮᠨᠡᠯᠭᠡ ᠶᠢᠨ ᠬᠤᠷᠢᠶ᠎ᠠ | ᠬᠠᠶ᠋ᠢᠭ᠄ ᠪᠦᠦ ᠱᠠᠨ ᠵᠡᠭᠡᠯᠢ ᠶᠢᠨ ᠣᠷᠴᠢᠮ | ᠬᠠᠷᠢᠯᠴᠠᠬᠤ ᠤᠲᠠᠰᠤ᠄ 3570120 | 4、ᠲᠠᠷᠢᠯᠭ᠎ᠠ ᠶᠢᠨ ᠴᠡᠭ ᠤᠨ ᠨᠡᠷᠡᠶᠢᠳᠦᠯ᠄ ᠶᠦᠨ ᠱᠠᠨ ᠵᠠᠮ ᠤᠨ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ | ᠬᠠᠶ᠋ᠢᠭ᠄ ᠶᠦᠨ ᠱᠠᠨ ᠵᠠᠮ ᠤᠨ ᠤᠯᠠᠭᠠᠨᠬᠠᠳᠠ ᠶᠢᠨ ᠪᠦᠦ ᠱᠠᠨ ᠬᠢᠲᠠᠳ ᠡᠮᠨᠡᠯᠭᠡ ᠶᠢᠨ ᠬᠤᠷᠢᠶᠠᠨ ᠤ ᠬᠤᠶᠢᠲᠤ | ᠲᠠᠯ᠎ᠠ | ᠬᠠᠷᠢᠯᠴᠠᠬᠤ ᠤᠲᠠᠰᠤ᠄ 2249129 | ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠰᠠᠭᠤᠭᠠᠯᠢ ᠠᠷᠠᠳ ᠥᠪᠡᠷ ᠤᠨ ᠪᠡᠶ᠎ᠡ ᠶᠢᠨ ᠦᠨᠡᠮᠯᠡᠯ ᠢᠶᠠᠨ ᠰᠠᠶᠢᠲᠤᠷ | ᠠᠪᠴᠤ᠂ ᠣᠶᠢᠷ᠎ᠠ ᠬᠠᠪᠢ ᠶᠢᠨ ᠵᠠᠷᠴᠢᠮ ᠶᠣᠰᠣᠭᠠᠷ᠂ ᠳᠠᠷᠤᠶ ᠲᠦᠷᠭᠡᠨ ᠳᠡᠭᠡᠷ᠎ᠡ ᠳᠤᠷᠠᠳᠤᠭᠰᠠᠨ ᠲᠠᠷᠢᠯᠭ᠎ᠠ ᠶᠢᠨ | ᠴᠡᠭ ᠲᠤ ᠬᠦᠷᠴᠦ ᠲᠠᠷᠢᠯᠭ᠎ᠠ ᠶᠢ ᠴᠢᠩᠭᠠᠳᠬᠠᠬᠤ ᠬᠡᠷᠡᠭᠲᠡᠶ᠃ ᠡᠭᠦᠨ ᠤ ᠬᠠᠮᠲᠤ᠂ ᠡᠷᠬᠡᠪᠰᠢ ᠬᠤᠪᠢ ᠬᠥᠮᠦᠨ ᠤ | ᠬᠠᠮᠠᠭᠠᠯᠠᠯᠲᠠ ᠶᠢ ᠰᠠᠶᠢᠲᠤᠷ ᠬᠢᠵᠦ᠂ ᠣᠯᠠᠨ ᠬᠥᠮᠦᠨ ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠶ᠃ | | ᠶᠤᠸᠠᠨ ᠪᠦᠦ ᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ | 2021 ᠣᠨ ᠤ 10 ᠰᠠᠷ᠎ᠠ ᠶᠢᠨ 18 ᠤ ᠡᠳᠦᠷ | ᠢᠷᠡᠯᠲᠡ᠄ | ᠾᠥᠸᠧ ᠯᠢ ᠶᠤᠸᠠᠨ ᠪᠤᠤ ᠱᠠᠨ | ᠨᠠᠶᠢᠷᠠᠭᠤᠯᠤᠭᠴᠢ᠄ | ᠪᠤᠤ ᠯᠢᠩ ᡁᠢ | ᠬᠢᠨᠠᠨ ᠬᠠᠷᠭᠤᠭᠤᠯᠤᠭᠴᠢ᠄ | ᠸᠠᠩ ᠯᠸᠢ | ᠶᠡᠷᠤᠩᠬᠡᠢ ᠬᠢᠨᠠᠭᠴᠢ᠄ | ᠯᠢ ᠸᠧᠢ |