ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠪᠣᠯᠤᠨ ᠪᠡᠭᠡᠵᠢᠩ ᠤᠨ ᠰᠦ ᠫᠦ᠋ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2021/10/31
       10 ᠰᠠᠷ᠎ᠠ ᠶᠢᠨ 14᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠪᠣᠯᠤᠨ ᠪᠡᠭᠡᠵᠢᠩ ᠤᠨ ᠰᠦ ᠫᠦ᠋ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠹᠦ᠋ ᠰᠢᠤ ᠬᠤᠶ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠽᠦᠩ ᠮᠧᠩ᠂ ᠪᠡᠭᠡᠵᠢᠩ ᠤᠨ ᠰᠦ ᠫᠦ᠋ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠡᠬᠡ ᠺᠣᠮᠫᠠᠨᠢ ᠶᠢᠨ ᠵᠥᠩ ᠺᠧ ᠬᠤᠳᠠᠯᠳᠤᠭᠠᠴᠢᠨ ᠤᠷᠢᠬᠤ ᠪᠦᠯᠦᠭᠯᠡᠯ ᠤᠨ ᠭᠦᠢᠴᠡᠳᠬᠡᠭᠴᠢ ᠳᠡᠳ᠋ ᠶᠡᠷᠦᠩᠬᠡᠶ ᠵᠠᠬᠢᠷᠤᠯ ᠷᠧᠨ ᠯᠢ ᠳ᠋ᠢᠶᠠᠨ᠂ ᠪᠡᠭᠡᠵᠢᠩ ᠤᠨ  ᠰᠦ ᠫᠦ᠋ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠸᠠᠩ ᠸᠧᠨ ᠰᠢᠨ᠂ ᠵᠠᠳᠠᠯᠤᠨ ᠰᠢᠨᠵᠢᠯᠡᠭᠴᠢ ᠰᠦᠨ ᠯᠢ ᠫᠢᠩ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠤᠯᠠᠨ ᠤᠯᠤᠰ ᠤᠨ ᠠᠵᠤ ᠠᠬᠤᠢ ᠶᠢᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ᠂ ᠳ᠋ᠦᠩ ᠹᠠᠩ ᠴᠡᠴᠡᠷᠯᠢᠭ᠂ ᠱᠠᠨᠳᠦ᠋ᠩ ᠤᠨ ᠯᠦ ᠴᠢᠶᠣᠤ ᠪᠦᠯᠦᠭᠯᠡᠯ ᠵᠡᠷᠭᠡ ᠵᠥᠩ ᠺᠧ ᠬᠤᠳᠠᠯᠳᠤᠭᠠᠴᠢᠨ ᠤᠷᠢᠬᠤ ᠪᠦᠯᠦᠭᠯᠡᠯ ᠤᠨ ᠬᠠᠮᠲᠤᠷᠠᠯᠴᠠᠭᠠᠨ ᠤ ᠨᠢᠭᠡᠴᠢ ᠶᠢᠨ ᠬᠠᠮᠢᠶ᠎ᠠ ᠪᠦᠬᠦᠢ ᠬᠥᠮᠦᠰ᠂ ᠲᠤᠭᠤᠷᠢᠭ ᠤᠨ ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠶᠢ ᠠᠬᠢᠭᠤᠯᠬᠤ ᠲᠤᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠵᠡᠷᠭᠡ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
    ᠬᠤᠷᠠᠯ ᠢ ᠯᠢ ᠽᠦᠩ ᠮᠧᠩ ᠡᠷᠭᠢᠯᠡᠵᠡᠶ᠃     ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠵᠥᠩ ᠺᠧ ᠬᠤᠳᠠᠯᠳᠤᠭᠠᠴᠢᠨ ᠤᠷᠢᠬᠤ ᠪᠦᠯᠦᠭᠯᠡᠯ ᠤᠨ ᠭᠦᠢᠴᠡᠳᠬᠡᠭᠴᠢ ᠳᠡᠳ᠋ ᠶᠡᠷᠦᠩᠬᠡᠢ ᠵᠠᠬᠢᠷᠤᠭᠴᠢ ᠷᠧᠨ ᠯᠢ ᠳ᠋ᠢᠶᠠᠨ ᠺᠣᠮᠫᠠᠨᠢ ᠶᠢᠨ ᠪᠦᠬᠦᠯᠢ ᠴᠣᠭᠴᠠ ᠶᠢᠨ ᠬᠥᠭᠵᠢᠯᠲᠡ ᠶᠢᠨ ᠪᠠᠶᠢᠳᠠᠯ ᠪᠣᠯᠤᠨ ᠲᠤᠰ ᠤᠳᠠᠭ᠎ᠠ ᠶᠢᠨ ᠬᠠᠮᠲᠤᠷᠠᠯᠴᠠᠭᠠᠨ ᠤ ᠤᠴᠢᠷ ᠶᠠᠪᠤᠳᠠᠯ ᠢ ᠲᠠᠨᠢᠯᠴᠠᠭᠤᠯᠵᠠᠢ᠃
   ᠹᠦ᠋ ᠰᠢᠤ ᠬᠤᠢ ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠪᠡ᠃ ᠲᠡᠷᠡ᠂ ᠶᠤᠸᠠᠨ ᠪᠦᠦ ᠱᠠᠨ ᠲᠣᠭᠤᠷᠢᠭ ᠨᠢ ᠲᠣᠭᠤᠷᠢᠭ ᠤᠨ ᠪᠣᠳᠠᠲᠤ ᠪᠠᠶᠢᠳᠠᠯ ᠪᠣᠯᠤᠨ ᠬᠥᠭᠵᠢᠯᠲᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠶᠡᠬᠡᠪᠡᠷ ᠥᠷᠨᠢᠭᠦᠯᠵᠦ᠂ ᠰᠠᠶᠢᠨ ᠰᠠᠶᠢᠬᠠᠨ ᠡᠬᠢ ᠪᠠᠶᠠᠯᠢᠭ ᠤᠨ ᠳᠠᠪᠠᠭᠤᠯᠢᠭ᠂ ᠡᠯᠪᠡᠭ ᠪᠠᠶᠠᠯᠢᠭ ᠠᠵᠤ ᠦᠢᠯᠡᠰ ᠤᠨ ᠰᠠᠭᠤᠷᠢ᠂ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ ᠪᠣᠯᠤᠨ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢᠶᠠᠷ ᠨᠢᠭᠡ ᠪᠦᠯᠦᠭ ᠪᠣᠳᠠᠲᠤ ᠬᠦᠴᠦᠨ ᠲᠠᠢ ᠠᠵᠤ ᠠᠬᠤᠶᠢᠯᠠᠯᠲᠠᠨ ᠢ ᠳᠠᠳᠠᠨ ᠠᠪᠴᠢᠷᠠᠵᠤ᠂ ᠠᠵᠤ ᠠᠬᠤᠢ ᠨᠡᠶᠢᠭᠡᠮ ᠤᠨ ᠡᠯ᠎ᠡ ᠲᠦᠷᠦᠯ ᠤᠨ ᠦᠢᠯᠡᠰ ᠲᠤ ᠥᠷᠨᠢᠩᠭᠦᠢ ᠬᠥᠭᠵᠢᠭᠰᠡᠨ ᠰᠠᠶᠢᠨ ᠰᠠᠶᠢᠬᠠᠨ ᠪᠠᠶᠢᠳᠠᠯ ᠢᠯᠡᠷᠡᠵᠡᠢ᠃ ᠵᠥᠩ ᠺᠧ ᠬᠤᠳᠠᠯᠳᠤᠭᠠᠴᠢᠨ ᠤᠷᠢᠬᠤ ᠪᠦᠯᠦᠭᠯᠡᠯ ᠵᠢᠴᠢ ᠡᠯ᠎ᠡ ᠠᠵᠤ ᠠᠬᠤᠶᠢᠯᠠᠯᠲᠠᠳ ᠠᠵᠤ ᠦᠢᠯᠡᠰ ᠢ ᠡᠮᠬᠢᠯᠡᠨ ᠨᠡᠶᠢᠯᠡᠭᠦᠯᠬᠦ ᠪᠠ ᠬᠥᠷᠥᠩᠭᠡ ᠶᠢᠨ ᠠᠵᠢᠯᠯᠠᠭᠠᠨ ᠤ ᠲᠠᠯ᠎ᠠ ᠪᠠᠷ ᠬᠢ ᠪᠠᠶᠠᠯᠢᠭ ᠲᠤᠷᠰᠢᠯᠭ᠎ᠠ ᠪᠠᠷ ᠢᠶᠠᠨ ᠰᠢᠨ᠎ᠡ ᠶᠢ ᠡᠭᠦᠳᠦᠭᠰᠡᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ  ᠦᠢᠯᠡᠴᠢᠯᠡᠭᠡᠨ ᠤ ᠵᠠᠭᠪᠤᠷ ᠵᠢᠴᠢ ᠠᠵᠤ ᠦᠢᠯᠡᠰ + ᠮᠥᠩᠭᠦᠨ ᠭᠦᠢᠯᠡᠭᠡᠭᠡᠨ ᠤ ᠠᠵᠤ ᠠᠬᠤᠶ ᠶᠢᠨ ᠳᠠᠶᠢᠴᠢᠯᠠᠬᠤ ᠠᠷᠭ᠎ᠠ ᠪᠠᠷᠢᠯ ᠢᠶᠠᠷ ᠳᠠᠮᠵᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠬᠤ ᠵᠡᠷᠭᠡ ᠲᠠᠯ᠎ᠠ ᠶᠢᠨ ᠲᠣᠭᠤᠷᠢᠨ ᠳᠤ᠂ ᠮᠠᠨ ᠤ ᠲᠤᠭᠤᠷᠢᠭ ᠲᠠᠢ ᠬᠠᠮᠲᠤᠪᠠᠷ ᠠᠵᠤ ᠦᠢᠯᠡᠰ ᠤᠨ ᠬᠤᠯᠪᠣᠭᠠᠯᠠᠨ ᠬᠥᠳᠡᠯᠦᠯᠴᠡᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠪᠤᠤ ᠱᠠᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠳᠠᠷᠠᠭᠠᠴᠢ ᠶᠢᠨ ᠠᠯᠬᠤᠮ ᠳᠤ᠂ ᠮᠠᠨ ᠤ ᠲᠤᠭᠤᠷᠢᠭ ᠬᠤᠳᠠᠯᠳᠤᠭ᠎ᠠ ᠶᠢ ᠴᠢᠬᠤᠯᠠᠴᠢᠯᠠᠬᠤ᠂ ᠬᠤᠳᠠᠯᠳᠤᠭ᠎ᠠ ᠶᠢ ᠳᠣᠲᠣᠨᠣᠴᠢᠯᠠᠬᠤ᠂ ᠬᠤᠳᠠᠯᠳᠤᠭ᠎ᠠ ᠶᠢ ᠬᠦᠨᠳᠦᠳᠬᠡᠬᠦ ᠤᠢᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠡᠮᠦᠨ᠎ᠡ ᠹᠷᠣᠨᠲ ᠲᠤ ᠦᠢᠯᠡᠴᠢᠯᠡᠵᠦ᠂ ᠪᠦᠬᠦ ᠲᠠᠯ᠎ᠠ ᠪᠠᠷ᠂ ᠪᠦᠬᠦ ᠶᠠᠪᠤᠴᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠬᠢ ᠪᠠᠶᠠᠯᠢᠭ ᠤᠨ ᠡᠯᠧᠮᠧᠨ᠋ᠲ ᠤᠨ ᠴᠤᠭᠯᠠᠷᠠᠯ ᠢ ᠲᠠᠰᠤᠷᠠᠯᠲᠠ ᠦᠭᠡᠢ ᠠᠬᠢᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠦᠷ᠎ᠡ ᠪᠦᠲᠦᠭᠡᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠤᠶᠠᠷ ᠲᠠᠯ᠎ᠠ ᠶᠢᠨ ᠭᠦᠨᠵᠡᠭᠡᠢ ᠬᠠᠮᠲᠤᠷᠠᠯᠴᠠᠭ᠎ᠠ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠴᠢᠬᠤᠯᠠᠴᠢᠯᠠᠪᠠ᠃
ᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄     ᠪᠤᠤ ᠯᠢᠩ ᡁᠢᠬᠢᠨᠠᠨ ᠬᠠᠷᠭᠤᠭᠤᠯᠤᠭᠴᠢ᠄     ᠸᠠᠩ ᠯᠸᠢᠶᠡᠷᠤᠩᠬᠡᠢ ᠬᠢᠨᠠᠭᠴᠢ᠄     ᠯᠢ ᠸᠧᠢ
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1