ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠰᠢᠷ᠎ᠠ ᠤᠯᠠᠭᠠᠨ ᠫᠠᠶᠢᠰᠠ︾᠎ ᠶᠢᠨ ᠲᠦᠷᠢᠮ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2021/12/19
    ᠣᠶᠢᠷ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠡᠮ ᠰᠣᠭᠤᠭ ᠢ ᠦᠨᠡᠨ ᠬᠦ ᠬᠤᠷᠢᠭᠯᠠᠬᠤ ᠶᠢᠨ ᠲᠥᠯᠥᠭᠡ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠳᠣᠬᠠᠨ ᠤ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠠᠵᠢᠯ ᠲᠥᠷᠥᠯ ᠤᠨ ᠰᠡᠷᠭᠡᠶᠢᠯᠡᠨ ᠬᠢᠵᠠᠭᠠᠷᠯᠠᠬᠤ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ︽ᠰᠢᠷ᠎ᠠ ᠤᠯᠠᠭᠠᠨ ᠫᠠᠶᠢᠰᠠ︾᠎ ᠶᠢᠨ ᠲᠦᠷᠢᠮ᠂ ᠲᠤᠬᠠᠶᠢᠯᠠᠪᠠᠯ ︽ᠰᠢᠷ᠎ᠠ ᠫᠠᠶᠢᠰᠠ ᠪᠠᠷ ᠰᠡᠷᠡᠮᠵᠢᠯᠡᠭᠦᠯᠬᠦ︾ ᠪᠠ ︽ᠤᠯᠠᠭᠠᠨ ᠫᠠᠶᠢᠰᠠ ᠪᠠᠷ ᠴᠡᠭᠴᠡᠯᠡᠬᠦ︾ ᠲᠦᠷᠢᠮ ᠢ ᠬᠡᠷᠡᠭᠵᠢᠭᠦᠯᠪᠡ᠃
    ᠲᠣᠰ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠠᠭᠤᠯᠭᠠᠭᠰᠠᠨ ᠪᠢᠴᠢᠭ ᠮᠠᠲ᠋ᠧᠷᠢᠶᠠᠯ ᠲᠠᠢ ᠨᠠᠷᠢᠨ ᠬᠢᠨᠠᠮᠠᠭᠠᠶ ᠬᠠᠷᠢᠴᠠᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠠᠶᠢᠴᠠᠭᠠᠵᠤ᠂ ᠵᠦᠢᠯ ᠳᠠᠷᠠᠭᠠᠯᠠᠨ ᠬᠢᠨᠠᠨ ᠬᠠᠷᠭᠤᠭᠤᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠵᠢᠷᠤᠮᠵᠢᠭᠤᠯᠤᠨ ᠨᠠᠶᠢᠳᠠᠪᠤᠷᠢᠵᠢᠭᠤᠯᠤᠭᠰᠠᠨ ᠦᠭᠡᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠠᠩᠬ᠎ᠠ ᠤᠳᠠᠭ᠎ᠠ ︽ᠰᠢᠷ᠎ᠠ ᠫᠠᠶᠢᠰᠠ ᠪᠠᠷ ᠰᠡᠷᠡᠮᠵᠢᠯᠡᠭᠦᠯᠬᠦ︾ ᠠᠵᠢᠯᠯᠠᠭ᠎ᠠ ᠬᠢᠵᠦ᠂ ᠡᠵᠡᠩᠨᠡᠯᠲᠡ ᠶᠢᠨ ᠲᠠᠯᠠᠪᠤᠷ ᠲᠠᠭᠠᠨ ︽ᠰᠢᠷ᠎ᠠ ᠫᠠᠶᠢᠰᠠ︾᠎ ᠶᠢᠨ ᠲᠡᠮᠳᠡᠭ ᠨᠠᠭᠠᠬᠤ ᠶᠢᠨ ᠬᠠᠮᠲᠤ ᠲᠡᠭᠦᠨ ᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠥᠪᠡᠷᠲᠡᠭᠡᠨ ᠴᠡᠭᠴᠡᠯᠡᠨ ᠥᠭᠡᠷᠡᠴᠢᠯᠡᠭᠦᠯᠪᠡ᠃ ᠪᠠᠶᠢᠴᠠᠭᠠᠯᠲᠠ ᠶᠢᠨ ᠳᠤᠮᠳᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠥᠬᠡᠶ ᠪᠤᠶᠤ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠥᠬᠡᠶ ᠵᠠᠬ᠎ᠠ ᠳᠡᠯᠭᠡᠭᠦᠷ ᠤᠨ ᠭᠤᠤᠯ ᠴᠣᠭᠴᠠ ᠳᠤ ︽ᠤᠯᠠᠭᠠᠨ ᠫᠠᠶᠢᠰᠠ ᠪᠠᠷ ᠴᠡᠭᠴᠡᠯᠡᠬᠦ︾ ᠲᠡᠮᠳᠡᠭ ᠨᠠᠭᠠᠵᠤ᠂ ᠥᠪᠡᠷ ᠢᠶᠠᠨ ᠠᠵᠢᠯ ᠢᠶᠠᠨ ᠵᠣᠭᠰᠣᠭᠠᠨ ᠴᠡᠭᠴᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠵᠣᠬᠢᠶᠠᠨ ᠪᠠᠶᠢᠭᠤᠯᠤᠨ ᠰᠤᠷᠤᠯᠴᠠᠬᠤ ᠶᠢ ᠱᠠᠭᠠᠷᠳᠠᠪᠠ᠃ ︽ᠰᠢᠷ᠎ᠠ ᠤᠯᠠᠭᠠᠨ ᠫᠠᠶᠢᠰᠠ︾᠎ ᠶᠢᠨ ᠬᠠᠮᠢᠶᠠᠷᠤᠨ ᠡᠵᠡᠮᠳᠡᠬᠦ ᠲᠣᠭᠲᠠᠴᠠ ᠶᠢ ᠬᠡᠷᠡᠭᠵᠢᠭᠦᠯᠬᠦ ᠶᠢᠨ ᠵᠣᠷᠢᠯᠭ᠎ᠠ ᠪᠣᠯ ᠳᠠᠷᠤᠶ ᠬᠡᠰᠡᠭ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠲᠣᠭᠲᠠᠭᠠᠯ ᠢ ᠬᠡᠷᠡᠭᠵᠢᠭᠦᠯᠬᠦ ᠦᠶ᠎ᠡ ᠳᠤ ᠨᠢᠭᠤᠷ ᠳᠡᠭᠡᠷ᠎ᠡ ᠨᠢ ᠬᠡᠷᠡᠭᠵᠢᠭᠦᠯᠵᠦ᠂ ᠠᠷᠤ ᠬᠤᠶᠢᠨ᠎ᠠ ᠨᠢ ᠬᠡᠷᠡᠭᠵᠢᠭᠦᠯᠬᠦ ᠦᠭᠡᠢ ᠪᠠᠶᠢᠬᠤ ᠪᠠᠶᠢᠳᠠᠯ ᠢ ᠴᠡᠭᠴᠡᠯᠡᠨ ᠵᠠᠰᠠᠬᠤ ᠪᠠ ᠬᠤᠪᠢᠷᠠᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃    ᠣᠲᠣ ᠪᠣᠯᠲᠠᠯ᠎ᠠ᠂ ᠲᠣᠰ ᠲᠣᠪᠴᠢᠶ᠎ᠠ ᠬᠤᠯᠪᠣᠭᠳᠠᠯ ᠪᠥᠬᠦᠶ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠡᠶᠢᠲᠡ 1126 ᠡᠷᠦᠬᠡ ᠪᠠᠶᠢᠴᠠᠭᠠᠵᠤ᠂ 24 ᠰᠢᠷ᠎ᠠ ᠫᠠᠶᠢᠰᠠ᠂ 3 ᠤᠯᠠᠭᠠᠨ ᠫᠠᠶᠢᠰᠠ ᠲᠠᠷᠬᠠᠭᠠᠭᠰᠠᠨ ᠪᠠᠶᠢᠨ᠎ᠠ᠃ ︽ᠤᠯᠠᠭᠠᠨ ᠰᠢᠷ᠎ᠠ ᠫᠠᠶᠢᠰᠠ︾᠎ ᠶᠢᠨ ᠲᠦᠷᠢᠮ ᠢ ᠬᠡᠷᠡᠭᠵᠢᠭᠦᠯᠦᠭᠰᠡᠨ ᠨᠢ ᠬᠡᠰᠡᠭ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠭᠤᠷᠢᠳᠠᠬᠤ ᠪᠤᠳᠤᠯ ᠢ ᠬᠦᠴᠦᠲᠡᠶ ᠰᠦᠷᠳᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠠᠬᠢᠭᠤᠯᠪᠠ᠃      ᠡᠬᠡ ᠪᠢᠴᠢᠭ / ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠵᠢᠩ ᠷᠦ᠋ ᠵᠢᠶᠧ      ᠨᠠᠶᠢᠷᠠᠭᠤᠯᠤᠭᠴᠢ / ᠸᠠᠩ ᠵᠢᠩ      ᠬᠢᠨᠠᠨ ᠬᠠᠷᠭᠤᠭᠤᠯᠤᠭᠴᠢ / ᠴᠦ᠋ ᠴᠢ      ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ    
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1