ᠶᠤᠸᠠᠨ ᠪᠦᠦ ᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ︾ ᠲᠤᠰᠬᠠᠶ ᠠᠵᠢᠯᠯᠠᠭ᠎ᠠ ᠶᠢ ᠬᠦᠴᠦᠲᠡᠶ ᠳᠥᠯᠭᠢᠨ ᠠᠬᠢᠭᠤᠯᠵᠤ ᠭᠦᠨᠵᠡᠭᠡᠶ ᠥᠷᠨᠢᠭᠦᠯᠪᠡ
ᠨᠡᠶᠢᠲᠡᠯᠡᠭᠰᠡᠨ ᠴᠠᠭ᠄
2021/12/19
11.jpg
      ︽ᠤᠯᠤᠰ ᠲᠦᠷᠦ ᠶᠢᠨ ᠤᠬᠠᠮᠰᠠᠷ ᠶᠡᠬᠡᠪᠡᠷ ᠳᠡᠭᠡᠭᠰᠢᠯᠡᠵᠦ᠂ ᠲᠤᠪᠤᠶᠢᠮ᠎ᠠ ᠠᠰᠠᠭᠤᠳᠠᠯ ᠢ ᠶᠡᠬᠡᠪᠡᠷ ᠪᠠᠶᠢᠴᠠᠭᠠᠨ ᠥᠭᠡᠷᠡᠴᠢᠯᠡᠵᠦ᠂ ᠰᠠᠬᠢᠯᠭ᠎ᠠ ᠪᠠᠲᠤ ᠣᠪᠣᠷ ᠰᠤᠷᠲᠠᠯ ᠢ ᠶᠡᠬᠡᠪᠡᠷ ᠴᠡᠭᠴᠡᠯᠡᠵᠦ᠂ ᠺᠠᠳ᠋ᠷ ᠤᠨ ᠪᠠᠶᠢᠳᠠᠯ ᠢ ᠶᠡᠬᠡᠪᠡᠷ ᠰᠠᠶᠢᠵᠢᠷᠠᠭᠤᠯᠬᠤ︾ ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ  ᠲᠤᠰᠬᠠᠢ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠰᠢ᠂ ᠶᠤᠸᠠᠨ ᠪᠦᠦ ᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠶᠢ ᠬᠦᠴᠦᠲᠡᠢ ᠠᠬᠢᠭᠤᠯᠵᠠᠢ᠃      ᠨᠢᠭᠡ ᠳᠤ᠂ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠠᠵᠢᠯ ᠣᠯᠭᠤᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠡᠷᠡᠭᠵᠢᠭᠦᠯᠬᠦ ᠲᠥᠰᠦᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠨᠠᠮ ᠤᠨ ᠡᠭᠦᠷ ᠤᠨ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ︽ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ︾ ᠲᠤᠰᠬᠠᠶ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠵᠢᠯ ᠤᠨ ᠱᠠᠭᠠᠷᠳᠠᠯᠭ᠎ᠠ ᠶᠢ ᠨᠠᠷᠢᠯᠢᠬᠵᠢᠭᠤᠯᠤᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡ ᠱᠠᠳᠤ ᠨᠢ ᠨᠢᠭᠡ ᠱᠠᠳᠤ ᠪᠠᠨ ᠠᠳᠬᠤᠬᠤ᠂ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠠᠵᠢᠯ ᠤᠨ ᠪᠠᠶᠢᠷᠢᠰᠢᠯ ᠢ ᠪᠤᠢ ᠪᠣᠯᠭᠠᠵᠤ᠂ ᠲᠤᠰᠬᠠᠶ ᠠᠵᠢᠯᠯᠠᠭ᠎ᠠ ᠶᠢ ᠠᠳᠬᠤᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ᠂ ᠪᠣᠳᠠᠲᠤ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠠᠲᠤᠯᠠᠪᠠ᠃     ᠬᠤᠶᠠᠷ ᠲᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶ ᠪᠣᠯᠭᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠃  ᠨᠢᠭᠡᠴᠢ᠂ ᠲᠠᠰᠤᠭ ᠵᠢᠴᠢ ᠬᠤᠪᠢ ᠬᠥᠮᠦᠨ ᠵᠡᠷᠭᠡ ᠭᠤᠷᠪᠠᠨ ᠲᠠᠯ᠎ᠠ ᠠᠴᠠ ᠠᠵᠢᠯ ᠤᠨ ᠡᠭᠦᠷᠭᠡ ᠬᠠᠷᠢᠭᠤᠴᠠᠯᠭ᠎ᠠ ᠶᠢ ᠰᠢᠰᠲ᠋ᠧᠮ ᠲᠠᠢ ᠡᠮᠬᠢᠯᠡᠨ ᠳᠢᠭᠯᠡᠵᠦ᠂ ᠲᠠᠰᠤᠭ ᠪᠣᠯᠤᠨ ᠪᠣᠳᠠᠲᠠᠶ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠭᠦᠷᠭᠡ ᠬᠠᠷᠢᠭᠤᠴᠠᠯᠭ᠎ᠠ ᠶᠢᠨ ᠵᠤᠷᠪᠤᠰ ᠢ 26 ᠨᠠᠷᠢᠰᠬᠠᠵᠤ᠂ ᠬᠠᠷᠢᠯᠴᠠᠨ ᠲᠦᠯᠬᠢᠯᠴᠡᠬᠦ ᠠᠰᠠᠭᠤᠳᠠᠯ ᠭᠠᠷᠬᠤ ᠶᠢ ᠵᠣᠭᠰᠣᠭᠠᠬᠤ ᠳᠤ ᠲᠦᠷᠢᠮ ᠤᠨ ᠦᠨᠳᠦᠰᠦᠯᠡᠯ ᠬᠠᠩᠭᠠᠭᠰᠠᠨ ᠪᠥᠭᠡᠳ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠤᠨ ᠦᠷ᠎ᠡ ᠪᠦᠲᠦᠮᠵᠢ ᠪᠣᠯᠤᠨ ᠬᠢᠷᠢ ᠲᠦᠪᠰᠢᠨ ᠤ ᠳᠡᠭᠡᠭᠰᠢᠯᠡᠯᠲᠡ ᠳᠤ ᠴᠦ ᠲᠦᠷᠢᠮ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃       ᠭᠤᠷᠪᠠ ᠳᠤ᠂ ᠲᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠤᠨ᠎ᠠ᠃ ᠴᠢᠯᠥᠭᠡ ᠭᠤᠶᠤᠬᠤ ᠪᠠ ᠴᠢᠯᠥᠭᠡ ᠲᠠᠶᠢᠯᠬᠤ ᠪᠠ ᠵᠢᠵᠢᠭᠦᠷᠯᠡᠨ ᠵᠢᠵᠢᠭᠦᠷᠯᠡᠬᠦ ᠲᠦᠷᠢᠮ ᠢ ᠲᠡᠭᠦᠯᠳᠡᠷᠵᠢᠭᠦᠯᠵᠦ᠂ ᠺᠠᠳ᠋ᠷ ᠤᠨ ᠡᠩᠨᠡᠭᠡᠨ ᠤ ᠡᠳᠦᠷ ᠲᠤᠳᠤᠮ ᠤᠨ ᠬᠠᠮᠢᠶᠠᠷᠤᠯᠲᠠ ᠶᠢ ᠵᠢᠷᠤᠮᠵᠢᠭᠤᠯᠤᠨ᠎ᠠ︔ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠠᠷᠢᠭᠤᠨ ᠴᠢᠬᠡᠴᠢ ᠪᠠᠷ ᠠᠵᠢᠯᠯᠠᠬᠤ ᠲᠦᠷᠢᠮ ᠢ ᠪᠠᠶᠢᠭᠤᠯᠵᠤ᠂ ᠠᠵᠢᠯᠳᠠᠨ ᠢ ᠰᠢᠪᠠᠳᠠᠨ ᠰᠠᠬᠢᠯᠭ᠎ᠠ ᠪᠠᠲᠤ ᠶᠢᠨ ᠤᠬᠠᠮᠰᠠᠷ ᠲᠠᠢ ᠪᠣᠯᠭᠠᠬᠤ ᠬᠡᠷᠡᠭᠲᠡᠶ︔ ᠠᠯᠪᠠᠨ ᠪᠢᠴᠢᠭ ᠤᠨ ᠬᠠᠮᠢᠶᠠᠷᠤᠯᠲᠠ ᠶᠢᠨ ᠲᠦᠷᠢᠮ ᠢ ᠳᠠᠷᠤᠮᠠᠯᠯᠠᠨ ᠲᠠᠷᠬᠠᠭᠠᠵᠤ᠂ ᠪᠠᠶᠢᠭᠤᠯᠤᠯᠭ᠎ᠠ ᠶᠢᠨ ᠪᠢᠴᠢᠭ ᠮᠠᠲ᠋ᠧᠷᠢᠶᠠᠯ ᠢ ᠬᠤᠷᠢᠶᠠᠨ ᠲᠠᠷᠬᠠᠭᠠᠬᠤ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠣᠯᠤᠨ ᠶᠠᠰᠤ ᠴᠢᠨᠠᠷ ᠢ ᠳᠡᠭᠡᠭᠰᠢᠯᠡᠭᠦᠯᠪᠡ ᠁ ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠰᠢ᠂ ᠲᠤᠰ ᠲᠥᠪ ᠤᠨ ᠬᠢᠨ ᠨᠢᠭᠡᠨᠲᠡ 7 ᠲᠦᠷᠢᠮ ᠲᠣᠭᠲᠠᠭᠠᠯ ᠢ ᠵᠠᠰᠠᠨ ᠲᠡᠭᠦᠯᠳᠡᠷᠵᠢᠭᠦᠯᠵᠦ᠂ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠷᠭ᠎ᠠ ᠬᠡᠮᠵᠢᠶ᠎ᠡ ᠪᠠᠷ ᠲᠦᠷᠢᠮ ᠤᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ︽ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ︾ ᠲᠤᠰᠬᠠᠢ ᠠᠵᠢᠯᠯᠠᠭ᠎ᠠ ᠶᠢᠨ ᠭᠦᠨᠵᠡᠭᠡᠶᠢᠷᠡᠬᠦ ᠶᠢ ᠠᠬᠢᠭᠤᠯᠪᠠ᠃      ᠲᠦᠷᠪᠡ ᠳᠤ᠂ ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠵᠦ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠨᠡᠮᠡᠭᠳᠡᠭᠦᠯᠦᠨ᠎ᠡ᠃ ︽ᠶᠠᠭᠤ ᠳᠤᠲᠠᠭᠳᠠᠪᠠᠯ ᠶᠠᠭᠤ ᠪᠠᠨ ᠨᠥᠬᠦᠪᠥᠷᠢᠯᠡᠬᠦ᠂ ᠶᠠᠭᠤ ᠬᠡᠷᠡᠭᠴᠡᠭᠡ ᠲᠠᠢ ᠪᠣᠯ ᠶᠠᠭᠤ ᠪᠠᠨ ᠰᠤᠷᠤᠯᠴᠠᠬᠤ︾ ᠵᠠᠷᠴᠢᠮ ᠤᠨ ᠶᠣᠰᠣᠭᠠᠷ᠂ ᠲᠤᠰ ᠲᠥᠪ ᠤᠨ ᠬᠢᠨ ᠰᠤᠷᠤᠯᠴᠠᠬᠤ ᠠᠭᠤᠯᠭ᠎ᠠ ᠪᠠᠨ ᠨᠠᠷᠢᠨ ᠰᠣᠩᠭᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠤᠯᠠᠮᠵᠢᠯᠠᠨ ᠰᠤᠷᠤᠯᠴᠠᠵᠤ᠂ ᠡᠭᠦᠨ ᠤ ᠬᠠᠮᠲᠤ᠂ ᠬᠠᠨᠳᠤᠯᠭᠠᠲᠤ ᠴᠢᠨᠠᠷ ᠢ ᠴᠢᠬᠤᠯᠠᠴᠢᠯᠠᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠦᠨᠳᠦᠰᠦᠨ ᠵᠦᠢᠯ ᠢ ᠪᠠᠲᠤᠯᠠᠬᠤ ᠠᠵᠢᠯ ᠣᠯᠭᠤᠯᠲᠠ᠂ ᠠᠵᠢᠯ ᠠᠯᠳᠠᠯᠲᠠ ᠶᠢᠨ ᠳᠠᠭᠠᠳᠬᠠᠯ ᠤᠨ ᠲᠣᠭᠲᠠᠭᠤᠨ ᠠᠵᠢᠯ ᠣᠯᠭᠤᠯᠲᠠ ᠵᠡᠷᠭᠡ ᠬᠠᠮᠤᠭ ᠤᠨ ᠰᠢᠨ᠎ᠡ ᠠᠵᠢᠯ ᠣᠯᠭᠤᠯᠲᠠ ᠶᠢᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠣᠨᠣᠯ ᠢ ︽ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ︾ ᠲᠤᠰᠬᠠᠶ ᠠᠵᠢᠯᠯᠠᠭ᠎ᠠ ᠶᠢᠨ ᠲᠤᠰᠬᠠᠶ ᠰᠡᠳᠦᠪᠲᠦ ᠰᠤᠷᠤᠯᠴᠠᠬᠤ ᠲᠥᠯᠥᠪᠯᠡᠭᠡ ᠳᠤ ᠣᠷᠣᠭᠤᠯᠵᠤ᠂ ᠰᠤᠷᠤᠯᠴᠠᠯᠭ᠎ᠠ ᠶᠢᠨ ᠬᠤᠷᠠᠯ ᠢ 5 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠤᠷᠤᠯᠴᠠᠯᠭ᠎ᠠ ᠪᠠ ᠲᠤᠬᠠᠶᠢᠯᠠᠭᠰᠠᠨ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ᠰᠣᠷᠣᠭᠰᠠᠨ ᠢᠶᠠᠨ ᠬᠡᠷᠡᠭᠯᠡᠵᠦ᠂ ᠰᠤᠷᠴᠤ ᠬᠡᠷᠡᠭᠯᠡᠬᠦ ᠶᠢ ᠬᠠᠷᠢᠯᠴᠠᠨ ᠳᠡᠭᠡᠭᠰᠢᠯᠡᠭᠦᠯᠬᠦ ᠶᠢ ᠪᠡᠶᠡᠯᠡᠭᠦᠯᠵᠦ᠂ ᠤᠨᠤᠯ ᠤᠨ ᠮᠡᠳᠡᠯᠭᠡ ᠶᠢ ᠦᠨᠡᠨ ᠬᠦ ᠴᠢᠳᠠᠪᠤᠷᠢ ᠬᠡᠪ ᠴᠢᠨᠠᠷ ᠪᠣᠯᠭᠠᠨ ᠬᠤᠪᠢᠷᠠᠭᠤᠯᠵᠤ᠂ ᠠᠵᠢᠯ ᠣᠯᠭᠤᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠰᠤᠷᠤᠯᠴᠠᠯᠭ᠎ᠠ ᠶᠢ ᠦᠨᠡᠨ ᠬᠦ ︽ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ︾ ᠲᠤᠰᠬᠠᠶ ᠠᠵᠢᠯᠯᠠᠭ᠎ᠠ ᠳᠤ ᠲᠤᠭᠤᠰᠢᠯᠠᠭᠤᠯᠵᠤ᠂ ᠠᠵᠢᠯᠳᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃      ᠡᠬᠡ ᠪᠢᠴᠢᠭ / ᠶᠤᠸᠠᠨ ᠪᠦᠦ ᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠯᠢ ᠼᠦᠢ ᠼᠦᠢ      ᠨᠠᠶᠢᠷᠠᠭᠤᠯᠤᠭᠴᠢ / ᠸᠠᠩ ᠵᠢᠩ      ᠬᠢᠨᠠᠨ ᠬᠠᠷᠭᠤᠭᠤᠯᠤᠭᠴᠢ / ᠴᠦ᠋ ᠴᠢ      ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ    
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1