ᠹᠧᠩ ᠱᠦᠶ ᠭᠸᠦ ᠪᠠᠯᠭᠠᠰᠤ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2021/12/19
          ᠣᠶᠢᠷ᠎ᠠ ᠳᠤ᠂ ᠹᠧᠩ ᠱᠦᠶ ᠭᠸᠦ ᠪᠠᠯᠭᠠᠰᠤ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭᠠᠨ ᠤ ᠲᠤᠰᠬᠠᠶ ᠰᠡᠳᠦᠪᠲᠦ ᠰᠤᠷᠤᠯᠴᠠᠬᠤ ᠠᠩᠭᠢ ᠡᠷᠭᠢᠯᠡᠵᠦ᠂ ᠶᠡᠷᠦᠩᠬᠡᠶ ᠱᠦᠵᠢ ᠰᠢ ᠶᠢᠨ ᠫᠢᠩ ᠶᠢᠨ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯᠳᠤᠭᠠᠨ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠪᠠᠯᠭᠠᠰᠤᠨ ᠤ ᠤᠳᠤᠷᠢᠳᠬᠤ ᠪᠠᠭ᠂ ᠪᠠᠶᠢᠭᠤᠯᠭ᠎ᠠ ᠶᠢᠨ ᠪᠥᠬᠦ ᠺᠠᠳ᠋ᠷ 40 ᠭᠠᠷᠤᠶ ᠬᠥᠮᠦᠨ ᠰᠤᠷᠤᠯᠴᠠᠯᠭ᠎ᠠ ᠳᠤ ᠣᠷᠣᠯᠴᠠᠵᠠᠶ᠃    ᠲᠤᠰᠬᠠᠢ ᠰᠡᠳᠦᠪᠲᠦ ᠰᠤᠷᠤᠯᠴᠠᠬᠤ ᠠᠩᠬᠢ ᠳᠤ᠂ ᠪᠦᠬᠦ ᠬᠥᠮᠦᠰ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠤᠨ ᠲᠤᠰᠬᠠᠢ ᠰᠡᠳᠦᠪᠲᠦ ᠲᠠᠶᠢᠯᠤᠮᠵᠢ ᠶᠢ ᠰᠣᠨᠢᠷᠬᠠᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠪᠠᠶᠢᠯᠳᠤᠬᠤ ᠪᠤᠳᠤᠯᠭ᠎ᠠ ᠶᠢᠨ ᠬᠠᠷᠠᠯᠲᠠ᠂ ᠭᠤᠣᠯᠳᠠᠯᠭ᠎ᠠ ᠲᠠᠢ ᠡᠭᠦᠷᠭᠡ ᠪᠣᠯᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ  ᠰᠢᠰᠲ᠋ᠧᠮ ᠲᠠᠢ ᠰᠤᠷᠤᠯᠴᠠᠵᠤ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠤᠨ ︽ᠨᠠᠢᠮᠠ ᠶᠢ ᠪᠠᠷᠢᠮᠲᠠᠯᠠᠬᠤ︾ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠡᠵᠡᠮᠳᠡᠪᠡ᠃ ᠰᠤᠷᠤᠯᠴᠠᠯᠭ᠎ᠠ ᠳᠠᠭᠤᠰᠤᠭᠰᠠᠨ ᠤ ᠲᠠᠷᠠᠭ᠎ᠠ᠂ ᠪᠠᠶᠢᠭᠤᠯᠤᠯᠭ᠎ᠠ ᠶᠢᠨ ᠺᠠᠳ᠋ᠷ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠤᠨ ᠰᠡᠳᠬᠢᠴᠡ ᠠᠷᠭ᠎ᠠ  ᠬᠡᠮᠵᠢᠶ᠎ᠡ ᠪᠣᠯᠭᠠᠨ ᠬᠤᠪᠢᠷᠠᠭᠤᠯᠵᠤ᠂ ᠹᠧᠩ ᠱᠦᠢ ᠭᠸᠤ ᠪᠠᠯᠭᠠᠰᠤ ᠶᠢᠨ ᠢᠷᠡᠭᠡᠳᠦᠢ ᠶᠢᠨ ᠬᠥᠭᠵᠢᠯᠲᠡ ᠳᠤ ᠴᠢᠳᠠᠪᠤᠷᠢᠲᠠᠨ ᠤ ᠲᠤᠯᠭᠠᠭᠤᠷᠢᠯᠠᠯ ᠪᠣᠯᠤᠨ ᠤᠶᠤᠨ ᠤ ᠳᠡᠮᠵᠢᠯᠭᠡ ᠬᠠᠩᠭᠠᠬᠤ ᠬᠡᠷᠡᠭᠲᠡᠢ ᠭᠡᠵᠦ ᠲᠣᠳᠣᠷᠬᠠᠶᠢᠯᠠᠪᠠ᠃    ᠲᠣᠰ ᠤᠳᠠᠭᠠᠨ ᠤ ᠲᠤᠰᠬᠠᠶ ᠰᠡᠳᠦᠪᠲᠦ ᠰᠤᠷᠤᠯᠴᠠᠬᠤ ᠠᠩᠭᠢ ᠶᠢ ᠡᠷᠭᠢᠯᠡᠭᠰᠡᠨ ᠨᠢ ᠪᠥᠬᠦ ᠪᠠᠯᠭᠠᠰᠤᠨ ᠤ ᠢᠷᠡᠭᠡᠳᠦᠶ ᠶᠢᠨ ᠴᠢᠳᠠᠪᠤᠷᠢᠲᠠᠨ ᠤ ᠬᠥᠭᠵᠢᠯᠲᠡ ᠶᠢᠨ ᠱᠤᠭᠤᠮ ᠳᠤ ᠦᠨᠳᠦᠰᠦᠨ ᠵᠢᠷᠤᠮᠯᠠᠯ ᠬᠠᠩᠭᠠᠪᠠ᠄ ᠨᠢᠭᠡ ᠳᠤ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠶᠢ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠦᠵᠡᠯ ᠰᠠᠨᠠᠭ᠎ᠠ ᠤᠯᠤᠰ ᠲᠥᠷᠥ᠂ ᠵᠣᠬᠢᠶᠠᠨ ᠪᠠᠶᠢᠭᠤᠯᠵᠤ ᠵᠣᠬᠢᠴᠠᠭᠤᠯᠬᠤ ᠵᠡᠷᠭᠡ ᠲᠠᠯ᠎ᠠ ᠶᠢᠨ ᠳᠠᠪᠠᠭᠤᠯᠢᠭ ᠢ  ᠭᠦᠢᠴᠡᠳ ᠪᠠᠳᠠᠷᠠᠭᠤᠯᠵᠤ᠂ ᠨᠠᠮ ᠤᠨ ᠴᠢᠳᠠᠪᠤᠷᠢᠲᠠᠨ ᠤ ᠠᠵᠢᠯ ᠳᠠᠬᠢ ᠤᠯᠤᠰ ᠲᠥᠷᠥ ᠶᠢᠨ ᠵᠢᠯᠣᠭᠤᠳᠣᠯᠭ᠎ᠠ ᠶᠢ ᠴᠢᠩᠭᠠᠳᠬᠠᠬᠤ ᠬᠡᠷᠡᠭᠲᠡᠶ︔ ᠬᠤᠶᠠᠷ ᠲᠤ᠂ ᠪᠣᠳᠠᠲᠠᠢ ᠲᠠᠢ ᠨᠢᠭᠲᠠ ᠤᠶᠠᠯᠳᠤᠭᠤᠯᠵᠤ᠂ ᠤᠯᠠᠭᠠᠨᠬᠠᠳᠠ ᠬᠤᠳᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠶᠤᠸᠠᠨ ᠪᠦᠦ ᠱᠠᠨ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠤᠭᠯᠠᠭᠰᠠᠨ ᠠᠤᠭ᠎ᠠ ᠵᠢᠷᠤᠭ ᠲᠥᠯᠥᠪᠯᠡᠭᠡ ᠶᠢᠨ ᠲᠣᠭᠤᠷᠢᠨ ᠳᠤ᠂ ᠪᠦᠬᠦ ᠪᠠᠯᠭᠠᠰᠤᠨ ᠤ ᠪᠣᠳᠠᠲᠤ ᠪᠠᠶᠢᠳᠠᠯ ᠠᠴᠠ ᠡᠭᠦᠰᠴᠦ᠂ ᠨᠠᠮ ᠤᠨ ᠭᠡᠰᠢᠭᠦᠨ ᠺᠠᠳ᠋ᠷ ᠤᠨ ᠶᠡᠷᠦᠩᠬᠡᠢ ᠪᠣᠳᠠᠲᠤ ᠬᠦᠴᠦᠨ ᠪᠣᠯᠤᠨ ᠭᠤᠣᠯᠯᠠᠭᠴᠢ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠰᠣᠳᠣᠨ ᠬᠥᠮᠦᠰ ᠤᠨ ᠡᠩᠨᠡᠭᠡ ᠶᠢ ᠪᠠᠶᠢᠭᠤᠯᠬᠤ ᠬᠡᠷᠡᠭᠲᠡᠢ︔ ᠭᠤᠷᠪᠠ ᠳᠤ᠂ ᠬᠥᠮᠦᠵᠢᠭᠦᠯᠬᠦ ᠶᠢ ᠵᠡᠷᠭᠡᠪᠡᠷ ᠴᠢᠬᠤᠯᠠᠴᠢᠯᠠᠵᠤ᠂ ᠡᠯ᠎ᠡ ᠲᠦᠷᠦᠯ ᠤᠨ ᠴᠢᠳᠠᠪᠤᠷᠢᠲᠠᠨ ᠳᠤ ᠠᠵᠢᠯ ᠬᠢᠵᠦ ᠦᠢᠯᠡᠰ ᠪᠤᠰᠬᠠᠬᠤ ᠲᠠᠪᠴᠠᠩ ᠪᠠᠶᠢᠭᠤᠯᠵᠤ᠂ ᠴᠢᠳᠠᠪᠤᠷᠢᠲᠠᠨ ᠢ ᠲᠠᠨᠢᠬᠤ ᠴᠢᠳᠠᠪᠤᠷᠢᠲᠠᠨ ᠢ ᠬᠠᠶᠢᠷᠠᠯᠠᠬᠤ ᠴᠢᠳᠠᠪᠤᠷᠢᠲᠠᠨ ᠢ ᠬᠦᠨᠳᠦᠳᠬᠡᠬᠦ ᠴᠢᠳᠠᠪᠤᠷᠢᠲᠠᠨ ᠢ ᠬᠡᠷᠡᠭᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃    ᠲᠤᠰ ᠤᠳᠠᠭᠠᠨ ᠤ ᠲᠤᠰᠬᠠᠶ ᠰᠡᠳᠦᠪᠲᠦ ᠰᠤᠷᠤᠯᠴᠠᠬᠤ ᠲᠥᠯᠥᠪᠯᠡᠭᠡ ᠶᠢᠨ ᠲᠣᠭᠤᠷᠢᠨ ᠳᠤ᠂ ᠪᠦᠬᠦ ᠪᠠᠶᠢᠭᠤᠯᠤᠯᠭ᠎ᠠ ᠶᠢᠨ ᠺᠠᠳ᠋ᠷ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠥᠪᠡᠷ ᠢᠶᠠᠨ ᠰᠤᠷᠤᠯᠴᠠᠵᠤ᠂ ᠤᠯᠠᠨ ᠢᠶᠠᠷ ᠢᠶᠠᠨ ᠴᠠᠭ ᠦᠶ᠎ᠡ ᠠᠴᠠ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠬᠤᠪᠢ ᠬᠥᠮᠦᠨ ᠤ ᠰᠣᠷᠣᠭᠰᠠᠨ ᠣᠯᠵᠠᠪᠤᠷᠢ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠭᠤᠤ ᠶᠡᠭᠡ ᠦᠢᠯᠡᠰ ᠲᠤ ᠣᠷᠣᠭᠤᠯᠵᠤ᠂ ᠴᠤᠬ ᠵᠣᠷᠢᠭ ᠢᠶᠠᠨ ᠬᠥᠪᠴᠢᠯᠡᠨ᠂ ᠡᠷᠡᠮᠡᠬᠡᠶᠢᠯᠡᠨ ᠤᠷᠤᠭᠰᠢᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯᠯᠠᠵᠤ᠂ ᠴᠢᠳᠠᠪᠤᠷᠢᠲᠠᠨ ᠤ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃      ᠡᠬᠡ ᠪᠢᠴᠢᠭ / ᠹᠧᠩ ᠱᠦᠶ ᠭᠸᠦ ᠪᠠᠯᠭᠠᠰᠤ᠂ ᠮᠠᠤ ᠰᠢᠶᠠᠨ ᠴᠢᠶᠠᠩ᠂ ᠪᠢᠶᠠᠨ ᠴᠢ      ᠨᠠᠶᠢᠷᠠᠭᠤᠯᠤᠭᠴᠢ / ᠸᠠᠩ ᠵᠢᠩ      ᠬᠢᠨᠠᠨ ᠬᠠᠷᠭᠤᠭᠤᠯᠤᠭᠴᠢ / ᠴᠦ᠋ ᠴᠢ     ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ    
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1