ᠡᠥ ᠵᠢᠶᠠ ᠪᠠᠯᠭᠠᠰᠤ ᠰᠣᠶᠣᠯ ᠢ ᠭᠡᠷ ᠪᠦᠯᠢ ᠳᠤ ᠣᠷᠣᠭᠤᠯᠬᠤ ︽ᠲᠠᠪᠤᠨ ᠨᠢᠭᠡ︾᠎ ᠶᠢᠨ ᠠᠵᠢᠯᠯᠠᠭ᠎ᠠ ᠥᠷᠨᠢᠭᠦᠯᠵᠦ ᠵᠡᠮᠳᠡᠭᠴᠦᠳ ᠤᠨ ᠠᠮᠢᠳᠤᠷᠠᠯ ᠢ ᠪᠠᠶᠠᠯᠢᠭᠵᠢᠭᠤᠯᠵᠠᠢ
ᠨᠡᠶᠢᠲᠡᠯᠡᠭᠰᠡᠨ ᠴᠠᠭ᠄
2021/12/19
     ᠣᠶᠢᠷ᠎ᠠ ᠳᠤ᠂ ᠦ᠋ ᠵᠢᠶᠠ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ ᠬᠠᠷᠢᠶᠠᠨ ᠳᠠᠬᠢ ᠲᠠᠪᠤᠨ ᠲᠣᠰᠬᠤᠨ ᠤ ᠵᠡᠮᠳᠡᠭᠴᠦᠳ ᠤᠨ ᠨᠡᠶᠢᠭᠡᠮᠯᠢᠭ ᠵᠢᠴᠢ ᠨᠡᠶᠢᠭᠡᠮ ᠲᠣᠭᠤᠷᠢᠭ ᠤᠨ ᠵᠡᠮᠳᠡᠭᠴᠦᠳ ᠤᠨ ᠨᠡᠶᠢᠭᠡᠮᠯᠢᠭ ᠤᠨ 8 ᠰᠠᠶᠢᠨ ᠳᠤᠷ᠎ᠠ ᠶᠢᠨ ᠠᠵᠢᠯᠯᠠᠭᠴᠢ ᠪᠣᠯᠤᠨ 20 ᠵᠡᠮᠳᠡᠭ ᠨᠠᠶᠢᠵᠠ ᠨᠠᠷ ᠬᠠᠮᠲᠤ ᠪᠠᠷ ︽ᠨᠢᠭᠡ ᠨᠣᠮ ᠤᠩᠰᠢᠬᠤ᠂ ᠨᠢᠭᠡ ᠴᠡᠴᠡᠷᠯᠢᠭ ᠢᠶᠠᠷ ᠲᠣᠭᠤᠷᠢᠬᠤ᠂ ᠨᠢᠭᠡ ᠲᠠᠯᠠᠪᠤᠷ ᠺᠢᠨᠣ᠋ ᠦᠵᠡᠬᠦ᠂ ᠨᠢᠭᠡ ᠤᠳᠠᠭᠠᠨ ᠤ ᠦᠵᠡᠰᠬᠦᠯᠡᠩ ᠢ ᠲᠣᠭᠤᠷᠢᠨ ᠦᠵᠡᠬᠦ ᠵᠢᠴᠢ ᠨᠢᠭᠡ ᠤᠳᠠᠭᠠᠨ ᠤ ᠰᠣᠶᠣᠯ ᠤᠨ ᠠᠵᠢᠯᠯᠠᠭ᠎ᠠ ᠳᠤ ᠣᠷᠣᠯᠴᠠᠬᠤ︾ ᠵᠡᠮᠳᠡᠭᠴᠦᠳ ᠤᠨ ᠰᠣᠶᠣᠯ ᠢ ᠬᠡᠷ ᠪᠦᠯᠢ ᠳᠤ ᠣᠷᠣᠭᠤᠯᠬᠤ ︽ᠲᠠᠪᠤᠨ ᠨᠢᠭᠡ︾᠎ ᠶᠢᠨ ᠠᠵᠢᠯᠯᠠᠭ᠎ᠠ ᠥᠷᠨᠢᠭᠦᠯᠪᠡ᠃ ᠵᠡᠮᠳᠡᠭᠴᠦᠳ ᠤᠨ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠵᠡᠮᠳᠡᠭᠴᠦᠳ ᠤᠨ ᠰᠣᠶᠣᠯ ᠤᠨ ᠬᠡᠷᠡᠭᠴᠡᠭᠡ ᠶᠢ ᠬᠠᠩᠭᠠᠵᠤ ᠂ ᠵᠡᠮᠳᠡᠭᠴᠦᠳ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠦᠷᠳᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃    ᠠᠵᠢᠯᠯᠠᠭ᠎ᠠ ᠶᠢᠨ ᠳᠤᠮᠳᠠ᠂ ᠵᠡᠮᠳᠡᠭᠴᠦᠳ ᠢ ᠵᠣᠬᠢᠶᠠᠨ ᠪᠠᠶᠢᠭᠤᠯᠤᠨ ᠤᠯᠠᠭᠠᠨᠬᠠᠳᠠ ᠶᠢᠨ ᠬᠤᠩᠱᠠᠨ ᠤᠢ ᠰᠢᠭᠤᠢ ᠶᠢᠨ ᠴᠡᠴᠡᠷᠯᠢᠭ ᠢᠶᠠᠷ ᠵᠤᠭᠠᠴᠠᠭᠤᠯᠵᠤ᠂ ᠬᠦᠬᠡ ᠲᠩᠷᠢ ᠤᠯᠠᠭᠠᠨ ᠠᠭᠤᠯᠠ ᠶᠢ ᠵᠤᠭᠠᠴᠠᠭᠤᠯᠵᠤ᠂ ᠡᠪᠦᠯ ᠤᠨ ᠤᠯᠠᠷᠢᠯ ᠤᠨ ᠬᠤᠩᠱᠠᠨ ᠤᠢ ᠰᠢᠭᠤᠢ ᠶᠢᠨ ᠴᠡᠴᠡᠷᠯᠢᠭ ᠲᠤ ᠣᠨᠳᠣᠣ ᠨᠢᠭᠡ ᠵᠦᠢᠯ ᠤᠨ ᠦᠵᠡᠮᠵᠢ ᠲᠠᠢ︔ ᠬᠤᠩᠱᠠᠨ ᠰᠣᠶᠣᠯ ᠤᠨ ᠮᠦᠽᠧᠢ ᠶᠢ ᠲᠣᠭᠤᠷᠢᠨ ᠦᠵᠡᠵᠦ᠂ ᠲᠠᠶᠢᠯᠪᠤᠷᠢᠯᠠᠭᠴᠢ ᠶᠢᠨ ᠲᠠᠶᠢᠯᠪᠤᠷᠢᠯᠠᠯᠲᠠ ᠪᠠᠷ ᠳᠠᠮᠵᠢᠨ ᠤᠯᠠᠨ ᠳᠤ ᠬᠤᠩᠱᠠᠨ ᠰᠣᠶᠣᠯ ᠤᠨ ᠲᠤᠬᠠᠢ ᠨᠡᠩ ᠪᠦᠬᠦ ᠲᠠᠯ᠎ᠠ ᠶᠢᠨ ᠣᠶᠢᠯᠠᠭᠠᠯᠲᠠ ᠲᠠᠢ ᠪᠣᠯᠭᠠᠵᠠᠢ︔ ᠵᠡᠮᠳᠡᠭᠴᠦᠳ ᠢ ᠵᠣᠬᠢᠶᠠᠨ ᠪᠠᠶᠢᠭᠤᠯᠤᠨ ᠺᠢᠨᠣ᠋ ︽ᠴᠠᠩᠵᠢᠨ ᠨᠠᠭᠤᠷ︾᠎ ᠢ ᠦᠵᠡᠭᠦᠯᠵᠦ᠂ ᠲᠡᠤᠬᠡ ᠶᠢ ᠭᠦᠨᠵᠡᠭᠡᠶ ᠤᠶᠢᠯᠠᠭᠠᠨ᠂ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠲᠡᠤᠬᠡ ᠠᠴᠠ ᠬᠦᠴᠦᠨ ᠴᠢᠳᠠᠯ ᠰᠢᠩᠭᠡᠭᠡᠨ ᠠᠪᠴᠤ ᠣᠲᠣ ᠶᠢᠨ ᠰᠠᠶᠢᠨ ᠰᠠᠶᠢᠬᠠᠨ ᠠᠮᠢᠳᠤᠷᠠᠯ ᠢᠶᠠᠨ ᠨᠠᠨᠳᠢᠩᠨᠠᠨ ᠡᠷᠬᠢᠮᠯᠡᠵᠦ᠂ ᠬᠤᠪᠢᠰᠬᠠᠯᠲᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠭᠤᠯᠵᠤ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠷᠠᠭᠤᠯᠵᠤ ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠪᠡᠶ᠎ᠡ ᠵᠡᠮᠳᠡᠭ ᠵᠣᠷᠢᠭ ᠬᠠᠲᠠᠭᠤ ᠪᠠᠶᠢᠬᠤ ᠶᠢ ᠪᠡᠶᠡᠯᠡᠭᠦᠯᠦᠨ᠎ᠡ︔ ᠵᠡᠮᠳᠡᠭᠴᠦᠳ ᠢ ᠵᠣᠬᠢᠶᠠᠨ ᠪᠠᠶᠢᠭᠤᠯᠤᠨ ᠲᠠᠷᠢᠶᠠᠯᠠᠩ ᠤᠨ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ ᠨᠢᠭᠡᠨᠲᠡ ᠬᠡᠪᠴᠢᠶᠡᠵᠢᠭᠰᠡᠨ ᠲᠠᠷᠢᠮᠠᠯ᠂ ᠲᠡᠵᠢᠭᠡᠨ ᠦᠷᠡᠵᠢᠭᠦᠯᠬᠦ ᠡᠷᠦᠬᠡ ᠶᠢᠨ ᠭᠡᠷ ᠲᠤ ᠭᠦᠨᠵᠡᠭᠡᠶᠢᠷᠡᠨ ᠲᠣᠭᠤᠷᠢᠨ ᠦᠵᠡᠭᠦᠯᠵᠦ᠂ ᠵᠡᠮᠳᠡᠭᠴᠦᠳ ᠤᠨ ᠪᠠᠶᠠᠵᠢᠬᠤ ᠴᠢᠳᠠᠪᠤᠷᠢ ᠶᠢ ᠰᠤᠷᠤᠯᠴᠠᠬᠤ ᠶᠢ ᠵᠣᠷᠢᠭᠵᠢᠭᠤᠯᠵᠤ᠂ ᠦᠢᠯᠡᠳᠪᠦᠷᠢᠯᠡᠯ ᠢ ᠬᠥᠭᠵᠢᠭᠦᠯᠬᠦ ᠢᠲᠡᠭᠡᠯ ᠵᠣᠷᠢᠭ ᠢ ᠪᠤᠢ ᠪᠣᠯᠭᠠᠵᠤ᠂ ᠪᠠᠶᠠᠵᠢᠨ ᠴᠢᠨᠡᠭᠡᠯᠢᠭᠵᠢᠬᠦ ᠶᠢᠨ ᠲᠥᠯᠥᠭᠡ ᠴᠢᠷᠮᠠᠶᠢᠨ ᠲᠡᠮᠡᠴᠡᠵᠡᠶ︔ ᠵᠡᠮᠳᠡᠭᠴᠦᠳ ᠢ ᠵᠣᠬᠢᠶᠠᠨ ᠪᠠᠶᠢᠭᠤᠯᠤᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠠᠵᠢᠯᠯᠠᠭ᠎ᠠ ᠳᠤ ᠣᠷᠣᠯᠴᠠᠭᠤᠯᠵᠤ᠂ ᠳᠠᠭᠤᠯᠠᠬᠤ᠂ ᠱᠤᠭ ᠶᠠᠷᠢᠶ᠎ᠠ᠂ ᠰᠢᠯᠦᠭ ᠤᠶᠠᠩᠭᠠᠯᠠᠨ ᠤᠩᠰᠢᠬᠤ ᠵᠡᠷᠭᠡ ᠤᠷᠠᠯᠢᠭ ᠤᠨ ᠬᠡᠯᠪᠡᠷᠢ ᠪᠠᠷ ᠳᠠᠮᠵᠢᠭᠤᠯᠤᠨ ᠵᠡᠮᠳᠡᠭᠴᠦᠳ ᠤᠨ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠥᠭᠡᠳᠡᠯᠡᠨ ᠲᠠᠪᠰᠢᠬᠤ ᠪᠠᠷ ᠬᠦᠴᠦᠯᠡᠨ ᠴᠢᠷᠮᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠠᠮᠢᠳᠤᠯᠢᠭ ᠢᠶᠠᠷ ᠢᠯᠡᠷᠡᠭᠦᠯᠪᠡ︔ ᠵᠡᠮᠳᠡᠭᠴᠦᠳ ᠢ ᠵᠣᠬᠢᠶᠠᠨ ᠪᠠᠶᠢᠭᠤᠯᠤᠨ ᠬᠠᠮᠲᠤ ᠪᠠᠷ ᠨᠢᠭᠡ ᠳᠡᠪᠲᠡᠷ ᠨᠣᠮ ᠤᠩᠰᠢᠬᠤ ᠠᠵᠢᠯᠯᠠᠭ᠎ᠠ ᠳᠤ ᠣᠷᠣᠯᠴᠠᠭᠤᠯᠵᠤ᠂ ᠲᠠᠷᠢᠶᠠᠯᠠᠩ ᠤᠨ ᠲᠠᠷᠢᠮᠠᠯ ᠤᠨ ᠮᠡᠷᠭᠡᠵᠢᠯ ᠤᠨ ᠲᠠᠯ᠎ᠠ ᠪᠠᠷ ᠬᠢ ᠨᠣᠮ ᠪᠢᠴᠢᠭ ᠢ ᠰᠢᠯᠢᠨ ᠰᠣᠩᠭᠤᠵᠤ᠂ ᠲᠤᠰᠬᠠᠶ ᠬᠥᠮᠦᠨ ᠢᠶᠠᠷ ᠳᠠᠭᠠᠭᠤᠯᠤᠨ ᠲᠠᠶᠢᠯᠪᠤᠷᠢᠯᠠᠨ ᠤᠩᠰᠢᠭᠤᠯᠵᠤ᠂ ᠲᠡᠳᠡᠨ ᠤ ᠤᠩᠰᠢᠬᠤ ᠳᠤᠷᠠᠲᠠᠶ ᠵᠠᠩ ᠳᠠᠳᠬᠠᠯ ᠢ ᠬᠥᠮᠦᠵᠢᠭᠦᠯᠬᠦ ᠶᠢᠨ ᠬᠠᠮᠲᠤ ᠪᠠᠰᠠ ᠲᠡᠳᠡᠨ ᠳᠤ ᠲᠤᠰᠬᠠᠶ ᠮᠡᠷᠭᠡᠵᠢᠯ ᠤᠨ ᠲᠠᠷᠢᠮᠠᠯ ᠤᠨ ᠮᠡᠳᠡᠯᠭᠡ ᠶᠢ ᠰᠤᠷᠭᠠᠵᠤ᠂ ᠲᠡᠳᠡᠨ ᠤ ᠢᠷᠡᠭᠡᠳᠦᠶ ᠶᠢᠨ ᠠᠮᠢᠳᠤᠷᠠᠯ ᠤᠨ ᠳᠤᠮᠳᠠ ᠮᠡᠳᠡᠯᠭᠡ ᠶᠢᠨ ᠵᠡᠪᠰᠡᠭ ᠢᠶᠠᠷ ᠥᠪᠡᠷ ᠤᠨ ᠣᠷᠣᠯᠭ᠎ᠠ ᠪᠠᠨ ᠨᠡᠮᠡᠭᠳᠡᠭᠦᠯᠬᠦ ᠳᠤᠨᠢ ᠬᠠᠪᠰᠤᠷᠪᠠ᠃   ᠠᠵᠢᠯᠯᠠᠭ᠎ᠠ ᠶᠢ ᠥᠷᠨᠢᠭᠦᠯᠦᠭᠰᠡᠨ ᠨᠢ ᠵᠡᠮᠳᠡᠭᠴᠦᠳ ᠲᠤ ᠨᠡᠶᠢᠭᠡᠮ ᠤᠨ ᠬᠥᠭᠵᠢᠯᠲᠡ ᠶᠢᠨ ᠯᠤᠲᠤ ᠶᠡᠭᠡ ᠬᠤᠪᠢᠷᠠᠯᠲᠠ ᠶᠢ ᠮᠡᠳᠡᠷᠡᠭᠦᠯᠵᠦ᠂ ᠵᠡᠮᠳᠡᠭᠴᠦᠳ ᠢ ᠬᠠᠪᠰᠤᠷᠤᠨ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠥᠪᠡᠷ ᠢ ᠪᠠᠨ ᠬᠦᠴᠦᠷᠬᠡᠭᠵᠢᠭᠦᠯᠬᠦ᠂ ᠪᠡᠶ᠎ᠡ ᠪᠠᠨ ᠳᠠᠭᠠᠭᠠᠬᠤ ᠵᠣᠷᠢᠭ ᠰᠠᠨᠠᠭ᠎ᠠ ᠶᠢ ᠪᠤᠢ ᠪᠣᠯᠭᠠᠵᠤ᠂ ᠲᠡᠳᠡᠨ ᠢ ᠨᠡᠩ ᠡᠷᠡᠯᠬᠡᠭ ᠪᠠᠭᠠᠲᠤᠷᠯᠢᠭ ᠢᠶᠠᠷ ᠭᠡᠷ ᠪᠦᠯᠢ ᠠᠴᠠ ᠨᠢ ᠭᠠᠷᠭᠠᠵᠤ᠂ ᠨᠡᠩ ᠢᠲᠡᠭᠡᠯ ᠲᠠᠢ ᠪᠠᠷ ᠨᠡᠶᠢᠭᠡᠮ ᠤᠨ ᠠᠮᠢᠳᠤᠷᠠᠯ ᠳᠤ ᠠᠭᠤᠰᠤᠯᠴᠠᠭᠤᠯᠵᠠᠢ᠃      ᠡᠬᠡ ᠪᠢᠴᠢᠭ / ᠡᠥ ᠵᠢᠶᠠ ᠪᠠᠯᠭᠠᠰᠤ      ᠨᠠᠶᠢᠷᠠᠭᠤᠯᠤᠭᠴᠢ / ᠸᠠᠩ ᠵᠢᠩ      ᠬᠢᠨᠠᠨ ᠬᠠᠷᠭᠤᠭᠤᠯᠤᠭᠴᠢ / ᠴᠦ᠋ ᠴᠢ      ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ    
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1