ᠫᠢᠩᠵᠤᠸᠠᠩ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ 2021 ᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/19
     12 ᠰᠠᠷ᠎ᠠ ᠶᠢᠨ 9᠎ ᠤ ᠡᠳᠦᠷ᠂ ᠫᠢᠩᠵᠤᠸᠠᠩ ᠬᠤᠳᠠ ᠶᠢᠨ ᠲᠣᠭᠤᠷᠢᠭ ᠤᠨ ᠵᠡᠭᠡᠯᠢ ᠭᠤᠳᠤᠮᠵᠢ 2021 ᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ ᠬᠤᠷᠠᠯ ᠬᠤᠷᠠᠯᠳᠤᠭᠤᠯᠪᠠ᠃ ᠵᠡᠭᠡᠯᠢ ᠭᠤᠳᠤᠮᠵᠢ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠢᠭᠤᠳ ᠬᠠᠷᠢᠶ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠡᠯ᠎ᠡ ᠠᠯᠪᠠᠨ ᠭᠡᠷ ᠦᠷᠳᠡᠭᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
11.jpg     ᠬᠤᠷᠠᠯ ᠳᠡᠭᠡᠷ᠎ᠡ᠂ ᠫᠢᠩᠵᠤᠸᠠᠩ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ 11 ᠦᠨᠳᠦᠰᠦᠨ
ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠠᠳᠬᠤᠭᠰᠠᠨ ᠠᠵᠢᠯ ᠤᠨ ᠪᠠᠶᠢᠳᠠᠯ ᠪᠣᠯᠤᠨ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠠᠷᠭ᠎ᠠ ᠬᠡᠮᠵᠢᠶ᠎ᠡ ᠶᠢᠨ ᠲᠤᠬᠠᠢ ᠲᠤᠰᠢᠶᠠᠯ ᠤᠨ ᠮᠡᠳᠡᠭᠦᠯᠦᠯᠲᠡ ᠬᠢᠵᠦ ᠶᠠᠷᠢᠶ᠎ᠠ ᠲᠠᠯᠪᠢᠪᠠ︔ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ  ᠬᠤᠷᠢᠶ᠎ᠠ ᠶᠢᠨ ᠱᠦᠵᠢ ᠲᠡᠭᠦᠨ ᠤ ᠲᠤᠰᠢᠶᠠᠯ ᠤᠨ ᠮᠡᠳᠡᠭᠦᠯᠦᠯᠲᠡ ᠬᠢᠭᠰᠡᠨ ᠮᠡᠳᠡᠭᠦᠯᠦᠯᠲᠡ ᠳᠤ ᠨᠢᠭᠡᠳ ᠨᠢᠭᠡ ᠪᠠᠷ ᠦᠨᠡᠯᠡᠯᠲᠡ ᠬᠢᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠠᠵᠢᠯᠲᠠᠳ ᠲᠤᠰ ᠵᠡᠭᠡᠯᠢ ᠭᠤᠳᠤᠮᠵᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠮᠡᠳᠡᠭᠦᠯᠦᠯᠲᠡ ᠶᠢ ᠠᠳᠬᠤᠭᠰᠠᠨ ᠲᠤᠬᠠᠢ ᠶᠡᠷᠦᠩᠬᠡᠢ ᠦᠨᠡᠯᠡᠯᠲᠡ ᠬᠢᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠄ ᠨᠢᠭᠡ ᠳᠤ᠂ ᠲᠠᠨᠢᠯᠲᠠ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ  ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠪᠣᠯ ᠨᠠᠮ ᠤᠨ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ ᠶᠢᠨ ᠦᠨᠳᠦᠰᠦᠨ ᠪᠠᠲᠤᠯᠠᠭ᠎ᠠ ᠮᠥᠨ ᠭᠡᠳᠡᠭ ᠢ ᠭᠦᠨᠵᠡᠭᠡᠶ ᠲᠠᠨᠢᠵᠤ᠂ ᠨᠢᠭᠡᠳᠦᠭᠡᠷ ᠬᠠᠷᠢᠭᠤᠴᠠᠯᠭᠠᠲᠠᠨ ᠤ ᠤᠬᠠᠮᠰᠠᠷ ᠢ ᠪᠠᠲᠤ ᠪᠤᠢ ᠪᠣᠯᠭᠠᠵᠤ᠂ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠭᠵᠢᠯᠲᠡ ᠶᠢ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃ ᠬᠤᠶᠠᠷ ᠲᠤ᠂ ᠬᠦᠷᠦᠯᠴᠡᠬᠦ ᠦᠭᠡᠢ ᠲᠠᠯ᠎ᠠ ᠳᠤ ᠵᠥᠪ ᠢᠶᠠᠷ ᠬᠠᠨᠳᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠣᠬᠢᠴᠠᠩᠭᠤᠶ ᠲᠥᠰᠦᠯ ᠪᠠ ᠠᠷᠭ᠎ᠠ ᠬᠡᠮᠵᠢᠶ᠎ᠡ ᠲᠣᠭᠲᠠᠭᠠᠵᠤ᠂ ᠨᠢᠭᠡᠳ ᠨᠢᠭᠡ ᠪᠠᠷ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠬᠡᠷᠡᠭᠲᠡᠶ᠃ ᠭᠤᠷᠪᠠ ᠳᠤ᠂ ᠭᠤᠣᠯᠳᠠᠯᠭ᠎ᠠ ᠶᠢ ᠲᠤᠪᠤᠶᠢᠯᠭᠠᠵᠤ᠂ ᠡᠯ᠎ᠡ ᠵᠦᠢᠯ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ᠭᠤᠣᠯᠳᠠᠯᠭ᠎ᠠ ᠲᠠᠢ ᠠᠵᠢᠯ ᠢᠶᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠶᠢ ᠠᠬᠢᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠨᠡᠩ ᠴᠢᠩᠭ᠎ᠠ ᠠᠳᠬᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠡᠩ ᠴᠢᠩᠭ᠎ᠠ ᠪᠠᠶᠢᠭᠤᠯᠬᠤ ᠬᠡᠷᠡᠭᠲᠡᠢ᠃      ᠡᠬᠡ ᠪᠢᠴᠢᠭ / ᠫᠢᠩᠵᠤᠸᠠᠩ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ ᠂ ᠵᠢᠶᠠᠩ ᠴᠤᠤ      ᠨᠠᠶᠢᠷᠠᠭᠤᠯᠤᠭᠴᠢ / ᠸᠠᠩ ᠵᠢᠩ      ᠬᠢᠨᠠᠨ ᠬᠠᠷᠭᠤᠭᠤᠯᠤᠭᠴᠢ / ᠴᠦ᠋ ᠴᠢ      ᠡᠴᠦᠰ ᠤᠨ ᠰᠢᠭᠦᠯᠲᠡ / ᠲᠤᠤ ᠳ᠋ᠠ ᠶᠦᠩ ᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ 
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1