ᠮᠤᠬᠤᠷ ᠭᠤᠤᠯ ᠪᠠᠯᠭᠠᠰᠤ 2021 ᠣᠨ ᠤ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/19
    ᠣᠶᠢᠷ᠎ᠠ ᠳᠤ᠂ ᠮᠤᠬᠤᠷ ᠭᠤᠤᠯ ᠪᠠᠯᠭᠠᠰᠤ 2021 ᠤᠨ ᠤ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ ᠬᠤᠷᠠᠯ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠨᠠᠮ ᠤᠨ  ᠬᠤᠷᠢᠶ᠎ᠠ ᠶᠢᠨ ᠱᠦᠵᠢ ᠡᠷᠬᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠯᠭᠠᠰᠤᠨ ᠤ ᠪᠠᠶᠢᠭᠤᠯᠤᠯᠭ᠎ᠠ ᠶᠢᠨ ᠵᠠᠩᠭᠢᠯᠠᠭ᠎ᠠ ᠶᠢᠨ ᠺᠠᠳ᠋ᠷ᠂ ᠡᠯ᠎ᠡ ᠲᠣᠰᠬᠤᠨ ᠤ ︽ᠬᠤᠶᠠᠷ ᠵᠥᠪᠯᠡᠯ︾᠎ ᠤᠨ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠬᠡᠰᠡᠭ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠰᠠᠶᠢᠨ ᠣᠶᠢᠯᠠᠭᠠᠳᠠᠭ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠵᠢᠴᠢ ᠨᠠᠮ ᠤᠨ ᠭᠡᠰᠢᠭᠦᠨ ᠤᠯᠠᠨ ᠲᠦᠮᠡᠨ ᠤ ᠲᠥᠯᠥᠭᠡᠯᠡᠭᠴᠢ ᠨᠡᠶᠢᠳᠡ 70 ᠭᠠᠷᠤᠢ ᠬᠥᠮᠦᠨ ᠬᠤᠷᠠᠯ ᠳᠤ ᠣᠷᠣᠯᠴᠠᠪᠠ᠃
    ᠬᠤᠷᠠᠯ ᠠᠴᠠ 7 ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ᠂ ᠦᠵᠡᠯ ᠤᠬᠠᠮᠰᠠᠷ ᠤᠨ ᠬᠡᠯᠪᠡᠷᠢ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠡᠷᠭᠡ ᠲᠠᠯ᠎ᠠ ᠪᠠᠷ ᠬᠢ ᠠᠵᠢᠯ ᠢᠶᠠᠨ ᠥᠷᠨᠢᠭᠦᠯᠦᠭᠡᠳ ᠣᠯᠤᠭᠰᠠᠨ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠳᠤ ᠲᠤᠰ ᠲᠤᠰ ᠵᠠᠳᠠᠯᠤᠯᠲᠠ ᠬᠢᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠪᠠᠨ ᠲᠣᠳᠣᠷᠬᠠᠶᠢᠯᠠᠪᠠ᠃    ᠪᠠᠯᠭᠠᠰᠤᠨ ᠤ ᠨᠠᠮ ᠤᠨ ᠬᠤᠷᠢᠶᠠᠨ ᠤ ᠱᠦᠵᠢ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠪᠠᠶᠢᠳᠠᠯ ᠳᠤ ᠲᠤᠬᠠᠢ ᠶᠢᠨ ᠲᠠᠯᠠᠪᠤᠷ ᠤᠨ ᠦᠨᠡᠯᠡᠯᠲᠡ ᠬᠢᠵᠦ᠂ ᠡᠯ᠎ᠡ ᠲᠣᠰᠬᠤᠨ ᠳᠤ ᠣᠷᠣᠰᠢᠵᠤ ᠪᠠᠶᠢᠭ᠎ᠠ ᠨᠡᠶᠢᠲᠡᠯᠢᠭ ᠴᠢᠨᠠᠷᠲᠠᠢ 4 ᠠᠰᠠᠭᠤᠳᠠᠯ ᠢ ᠵᠢᠭᠠᠵᠤ ᠭᠠᠷᠭᠠᠭᠰᠠᠨ ᠪᠥᠭᠡᠳ ᠡᠯ᠎ᠡ ᠲᠣᠰᠬᠤᠨ ᠳᠤ ᠣᠷᠣᠰᠢᠵᠤ ᠪᠠᠶᠢᠭ᠎ᠠ ᠥᠪᠡᠷᠮᠢᠴᠡ ᠴᠢᠨᠠᠷᠲᠠᠢ ᠠᠰᠠᠭᠤᠳᠠᠯ ᠤᠨ ᠪᠠᠶᠢᠳᠠᠯ ᠢ ᠨᠢᠭᠡᠳ ᠨᠢᠭᠡ ᠪᠠᠷ ᠬᠤᠷᠢᠶᠠᠩᠭᠤᠶᠢᠯᠠᠵᠠᠢ᠃ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠱᠦᠵᠢ ᠨᠢᠭᠡᠪᠦᠷᠢ ᠶᠢᠨ ᠲᠤᠰᠢᠶᠠᠯ ᠤᠨ ᠮᠡᠳᠡᠭᠦᠯᠦᠯᠲᠡ ᠶᠢ ᠴᠥᠮ ᠲᠤᠬᠠᠶ ᠶᠢᠨ ᠭᠠᠵᠠᠷ ᠲᠤᠨᠢ ᠰᠢᠯᠭᠠᠨ ᠦᠨᠡᠯᠡᠪᠡ     ᠬᠤᠷᠠᠯ ᠠᠴᠠ᠂ ᠲᠤᠰ ᠤᠳᠠᠭ᠎ᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠨᠢ ᠨᠢᠭᠡ ᠵᠢᠯ ᠤᠨ ᠲᠤᠷᠰᠢᠬᠢ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠦᠷ᠎ᠡ ᠪᠦᠲᠦᠮᠵᠢ ᠪᠣᠯᠤᠨ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠳᠡᠯᠭᠡᠨ ᠦᠵᠡᠭᠦᠯᠵᠡᠢ᠃ ᠠᠰᠠᠭᠤᠳᠠᠯ ᠢ ᠪᠠᠶᠢᠴᠠᠭᠠᠨ ᠳᠡᠯᠭᠡᠬᠦ ᠨᠢ ᠪᠣᠳᠠᠲᠠᠢ᠂ ᠴᠢᠷᠮᠠᠶᠢᠬᠤ ᠴᠢᠭᠯᠡᠯ ᠨᠢ ᠲᠣᠳᠣᠷᠬᠠᠢ ᠪᠠᠶᠢᠵᠤ᠂ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢ ᠠᠳᠬᠤᠬᠤ ᠤᠯᠤᠰ ᠲᠦᠷᠦ ᠶᠢᠨ ᠤᠬᠠᠮᠰᠠᠷ ᠪᠠ ᠠᠵᠢᠯᠯᠠᠭ᠎ᠠ ᠶᠢᠨ ᠤᠬᠠᠮᠰᠠᠷ ᠢ ᠢᠯᠡᠷᠡᠭᠦᠯᠪᠡ᠃ ᠳᠠᠷᠠᠭᠠᠴᠢ ᠶᠢᠨ ᠠᠯᠬᠤᠮ ᠳᠤ᠂ ᠡᠯ᠎ᠡ ᠲᠣᠰᠬᠤᠨ ᠤ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠤᠨ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠨᠠᠮ ᠠᠴᠠ ᠠᠯᠢᠪᠠ ᠶᠢ ᠤᠳᠤᠷᠢᠳᠬᠤ᠂ ᠨᠠᠮ ᠠᠴᠠ ᠠᠯᠢᠪᠠ ᠶᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠪᠦᠬᠦ ᠪᠠᠯᠭᠠᠰᠤᠨ ᠤ ᠭᠤᠣᠯ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠪᠣᠯᠤᠨ ᠬᠥᠭᠵᠢᠯᠲᠡ ᠶᠢᠨ ᠬᠠᠷᠢᠯᠴᠠᠨ ᠠᠬᠢᠭᠤᠯᠵᠤ ᠬᠠᠷᠢᠯᠴᠠᠨ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃       ᠡᠬᠡ ᠪᠢᠴᠢᠭ / ᠮᠤᠬᠤᠷ ᠭᠤᠤᠯ ᠪᠠᠯᠭᠠᠰᠤ᠂ ᠵᠠᠩ ᠯᠦᠩ ᠪᠥᠸᠧ       ᠨᠠᠶᠢᠷᠠᠭᠤᠯᠤᠭᠴᠢ / ᠸᠠᠩ ᠵᠢᠩ       ᠬᠢᠨᠠᠨ ᠬᠠᠷᠭᠤᠭᠤᠯᠤᠭᠴᠢ / ᠴᠦ᠋ ᠴᠢ       ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ    
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1