ᠶᠤᠸᠠᠨ ᠪᠦᠦ ᠱᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ᠬᠤᠳᠠᠯᠳᠤᠭᠠᠨ ᠤ ᠶᠡᠷᠦᠩᠬᠡᠢ ᠡᠪᠯᠡᠯ︶ ᠵᠢᠷᠭᠤᠳᠤᠭᠠᠷ ᠬᠤᠭᠤᠴᠠᠭᠠᠨ ᠤ ᠲᠠᠪᠤᠳᠤᠭᠠᠷ ᠭᠦᠢᠴᠡᠳᠬᠡᠬᠦ ᠵᠥᠪᠯᠡᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/19
     12 ᠰᠠᠷ᠎ᠠ ᠶᠢᠨ 10᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ᠬᠤᠳᠠᠯᠳᠤᠭᠠᠨ ᠤ ᠶᠡᠷᠦᠩᠬᠡᠢ ᠡᠪᠯᠡᠯ︶ ᠵᠢᠷᠭᠤᠳᠤᠭᠠᠷ ᠬᠤᠭᠤᠴᠠᠭᠠᠨ ᠤ ᠲᠠᠪᠤᠳᠤᠭᠠᠷ ᠤᠳᠠᠭ᠎ᠠ ᠶᠢᠨ ᠭᠦᠢᠴᠡᠳᠬᠡᠬᠦ ᠵᠥᠪᠯᠡᠯ ᠢ ᠬᠤᠷᠠᠯᠳᠤᠭᠤᠯᠵᠤ᠂ ᠬᠤᠷᠠᠯ ᠢ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠤᠰᠬᠠᠢ ᠲᠤᠰᠢᠶᠠᠯᠲᠤ ᠳᠡᠳ᠋ ᠲᠡᠷᠢᠭᠦᠯᠡᠭᠴᠢ ᠡᠷᠬᠢᠯᠡᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠵᠢᠷᠭᠤᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠭᠡᠰᠢᠭᠦᠨ ᠨᠡᠶᠢᠳᠡ 35 ᠬᠥᠮᠦᠨ ᠬᠤᠷᠠᠯ ᠳᠤ ᠣᠷᠣᠯᠴᠠᠪᠠ᠃    ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢᠲᠡᠢ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠰᠤᠷᠤᠯᠴᠠᠪᠠ᠃ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠤᠣᠯ ᠬᠠᠷᠢᠭᠤᠴᠠᠯᠭᠠᠲᠠᠨ ᠠᠵᠢᠯ ᠤᠨ ᠮᠡᠳᠡᠭᠦᠯᠦᠯᠲᠡ ᠬᠢᠵᠦ᠂ 2020 ᠣᠨ ᠠᠴᠠ ᠨᠠᠰᠢ ᠬᠢᠭᠰᠡᠨ ᠠᠵᠢᠯ ᠪᠣᠯᠤᠨ ᠣᠯᠤᠭᠰᠠᠨ ᠠᠮᠵᠢᠯᠲᠠ ᠶᠢ ᠳ᠋ᠦᠩᠨᠡᠵᠦ᠂ 2022 ᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ ᠪᠣᠯᠤᠨ ᠠᠵᠢᠯ ᠤᠨ ᠲᠤᠬᠢᠷᠠᠭᠤᠯᠤᠯᠳᠠ ᠶᠢ ᠳᠤᠷᠠᠳᠪᠠ︔ ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ᠬᠤᠳᠠᠯᠳᠤᠭᠠᠨ ᠤ ᠶᠡᠷᠦᠩᠬᠡᠶ ᠡᠪᠯᠡᠯ︶᠎ ᠶᠢᠨ ᠵᠢᠷᠭᠤᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠭᠦᠢᠴᠡᠳᠬᠡᠬᠦ ᠵᠥᠪᠯᠡᠯ ᠤᠨ ᠬᠤᠷᠠᠯ ᠤᠨ ᠠᠵᠢᠯ ᠤᠨ ᠢᠯᠡᠳᠬᠡᠯ ᠤᠨ  ᠰᠢᠢᠳᠪᠦᠷᠢ ︵ᠲᠥᠰᠦᠯ︶︾᠎ ᠶᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ ᠥᠪᠥᠷ ᠮᠣᠩᠭᠤᠯ ᠤᠨ ᠬᠠᠢ ᠨᠦᠸᠧ ᠲᠢᠶᠠᠨ ᠴᠧᠩ ᠭᠠᠶᠢᠯᠢ ᠶᠢᠨ ᠶᠠᠪᠤᠳᠠᠯ ᠤᠨ ᠮᠡᠷᠭᠡᠵᠢᠯᠲᠡᠨ ᠤ ᠬᠡᠷᠡᠭ ᠡᠷᠬᠢᠯᠡᠬᠦ ᠭᠠᠵᠠᠷ ᠤᠨ ᠶᠡᠷᠦᠩᠬᠡᠢ ᠳᠠᠭᠠᠭᠠᠮᠠᠯ ᠰᠦᠨ ᠬᠠᠢ ᠪᠥᠸᠧ ᠶᠢ ᠤᠷᠢᠵᠤ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠨ ᠳᠤ 2021 ᠣᠨ ᠤ 11 ᠰᠠᠷ᠎ᠠ ᠳᠤ ᠵᠢᠩᠬᠢᠨᠢ ᠪᠠᠷ ᠬᠡᠷᠡᠭᠵᠢᠭᠦᠯᠦᠭᠰᠡᠨ ᠎ ᠶᠢᠨ ᠱᠦᠢ ᠢᠨᠵᠧᠨᠧᠷᠢᠩ ᠤᠨ ᠲᠥᠯᠥᠪᠯᠡᠭᠡ ᠶᠢᠨ ᠳᠥᠷᠪᠡᠳᠦᠭᠡᠷ ᠬᠤᠭᠤᠴᠠᠭᠠᠨ ᠤ ᠠᠭᠤᠯᠭ᠎ᠠ ᠶᠢ ᠪᠣᠯᠪᠠᠰᠤᠷᠠᠭᠤᠯᠵᠠᠢ᠃ ᠶᠢᠨ ᠱᠦᠢ ᠳᠥᠷᠪᠡᠳᠦᠭᠡᠷ ᠬᠤᠭᠤᠴᠠᠭᠠᠨ ᠤ ᠡᠭᠦᠯᠡᠨ ᠭᠠᠶᠢᠯᠢ ᠶᠢᠨ ᠶᠠᠪᠤᠳᠠᠯ ᠤᠨ ᠶᠡᠭᠡ ᠣᠷᠴᠢᠨ ᠲᠣᠭᠤᠷᠢᠨ ᠳᠤ ᠠᠵᠤ ᠠᠬᠤᠶᠢᠯᠠᠯ ᠭᠠᠶᠢᠯᠢ ᠶᠢᠨ ᠶᠠᠪᠤᠳᠠᠯ ᠤᠨ ᠠᠶᠤᠯ ᠲᠦᠭᠰᠢᠭᠦᠷᠢ ᠠᠴᠠ ᠬᠡᠷᠬᠢᠨ ᠵᠠᠶᠢᠯᠠᠬᠤ ᠲᠤᠬᠠᠶ ᠨᠠᠷᠢᠨ ᠲᠠᠶᠢᠯᠪᠤᠷᠢᠯᠠᠵᠤ ᠂ ᠭᠠᠶᠢᠯᠢ ᠶᠢᠨ ᠶᠠᠪᠤᠳᠠᠯ ᠤᠨ ᠠᠶᠤᠯ ᠲᠦᠭᠰᠢᠭᠦᠷᠢ ᠪᠣᠯ ᠠᠵᠤ ᠠᠬᠤᠶᠢᠯᠠᠯ ᠨᠢᠭᠡᠪᠦᠷᠢ ᠳᠤ ᠲᠤᠯᠭᠠᠷᠠᠵᠤ ᠪᠠᠶᠢᠭ᠎ᠠ ᠨᠡᠶᠢᠲᠡᠯᠢᠭ ᠴᠢᠨᠠᠷᠲᠠᠶ ᠠᠰᠠᠭᠤᠳᠠᠯ ᠮᠥᠨ᠂ ᠠᠵᠤ ᠠᠬᠤᠶᠢᠯᠠᠯᠲᠠᠳ ᠡᠳ᠋ ᠤᠨ ᠶᠠᠪᠤᠳᠠᠯ ᠤᠨ ᠲᠣᠭᠲᠠᠭᠠᠯ ᠳᠤ ᠨᠡᠶᠢᠴᠡᠭᠰᠡᠨ ᠬᠠᠮᠢᠶᠠᠷᠤᠯᠲᠠ ᠶᠢᠨ ᠴᠢᠬᠤᠯᠠ ᠴᠢᠨᠠᠷ ᠢ ᠲᠠᠨᠢᠵᠤ᠂ ᠠᠵᠤ ᠠᠬᠤᠶᠢᠯᠠᠯ ᠤᠨ ᠪᠣᠳᠠᠲᠤ ᠪᠠᠶᠢᠳᠠᠯ ᠢ ᠦᠨᠳᠦᠰᠦᠯᠡᠨ ᠵᠣᠬᠢᠴᠠᠩᠭᠤᠶ ᠰᠡᠷᠭᠡᠶᠢᠯᠡᠬᠦ ᠠᠷᠭ᠎ᠠ ᠪᠠ ᠲᠥᠯᠥᠪᠯᠡᠬᠦ ᠠᠷᠭ᠎ᠠ ᠪᠣᠳᠣᠯᠭ᠎ᠠ ᠶᠢ ᠲᠣᠭᠲᠠᠭᠠᠪᠠᠯ ᠰᠠᠶ᠋ᠢ ᠠᠵᠤ ᠠᠬᠤᠶᠢᠯᠠᠯ ᠤᠨ ᠭᠠᠶᠢᠯᠢ ᠶᠢᠨ ᠶᠠᠪᠤᠳᠠᠯ ᠤᠨ ᠲᠥᠯᠥᠪᠯᠡᠭᠡ ᠶᠢ ᠬᠡᠪ ᠤᠨ ᠶᠣᠰᠣᠭᠠᠷ ᠠᠵᠢᠯᠯᠠᠭᠤᠯᠵᠤ ᠴᠢᠳᠠᠨ᠎ᠠ ᠭᠡᠵᠦ ᠴᠢᠬᠤᠯᠠᠴᠢᠯᠠᠪᠠ᠃ ᠡᠭᠦᠨ ᠤ ᠵᠡᠷᠭᠡ ᠳᠤ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠨ ᠳᠤ ᠭᠠᠶᠢᠯᠢ ᠲᠠᠲᠠᠪᠤᠷᠢ ᠶᠢ ᠲᠥᠯᠥᠪᠯᠡᠬᠦ ᠬᠠᠮᠢᠶᠠᠷᠤᠯᠲᠠ ᠶᠢᠨ ᠰᠡᠳᠬᠢᠮᠵᠢ ᠬᠠᠩᠭᠠᠵᠤ᠂ ᠠᠵᠤ ᠠᠬᠤᠶᠢᠯᠠᠯ ᠤᠨ ᠠᠶᠤᠯ ᠲᠦᠭᠰᠢᠭᠦᠷᠢ ᠠᠴᠠ ᠵᠠᠶᠢᠯᠠᠬᠤ᠂ ᠥᠪᠡᠷ ᠤᠨ ᠥᠷᠲᠡᠭ ᠢ ᠠᠷᠪᠢᠯᠠᠬᠤ᠂ ᠠᠵᠠ ᠲᠣᠬᠢᠶᠠᠯ ᠢ ᠡᠵᠡᠮᠳᠡᠬᠦ᠂ ᠰᠢᠨ᠎ᠡ ᠲᠥᠷᠥ ᠶᠢᠨ ᠪᠣᠳᠣᠯᠭ᠎ᠠ ᠶᠢᠨ ᠭᠠᠶᠢᠯᠢ ᠲᠠᠲᠠᠪᠤᠷᠢ ᠶᠢᠨ ᠠᠰᠠᠷᠠᠮᠵᠢ ᠶᠢ ᠡᠳ᠋ᠯᠡᠬᠦ ᠲᠠᠯ᠎ᠠ ᠪᠠᠷ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠠᠨᠠᠭᠤᠯᠭ᠎ᠠ ᠳᠤᠷᠠᠳᠪᠠ ᠃ ᠬᠤᠷᠠᠯ ᠠᠴᠠ ᠤᠷᠢᠶᠠᠯᠠᠭᠰᠠᠨ ᠨᠢ᠂ ᠪᠦᠬᠦ  ᠲᠤᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠶ᠎ᠠ ᠬᠤᠳᠠᠯᠳᠤᠭᠠᠨ ᠤ ᠨᠡᠶᠢᠭᠡᠮᠯᠢᠭ ᠪᠣᠯᠤᠨ ᠥᠷᠭᠡᠨ ᠣᠯᠠᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠠᠮᠵᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦ ᠨᠡᠮᠡᠷᠢᠯᠡᠬᠦ᠂ ᠦᠵᠡᠯ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠬᠤ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ᠂ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠬᠦ᠂ ᠵᠠᠰᠠᠭ ᠠᠵᠤ ᠠᠬᠤᠶᠢᠯᠠᠯ ᠤᠨ ᠤᠯᠤᠯᠴᠠᠭ᠎ᠠ ᠶᠢ ᠴᠢᠩᠭᠠᠳᠬᠠᠬᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠰᠢᠯᠢᠳᠡᠭᠵᠢᠭᠦᠯᠬᠦ ᠵᠡᠷᠭᠡ ᠡᠯ᠎ᠡ ᠲᠠᠯ᠎ᠠ ᠪᠠᠷ ᠬᠠᠮᠲᠤᠪᠠᠷ ᠬᠦᠴᠦ ᠣᠷᠣᠭᠤᠯᠵᠤ᠂ ᠶᠤᠸᠠᠨ ᠪᠦᠦ ᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠡᠬᠡ ᠪᠢᠴᠢᠭ / ᠶᠤᠸᠠᠨ ᠪᠦᠦ ᠱᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠢ ᠮᠧᠶ ᠯᠢᠨ       ᠨᠠᠶᠢᠷᠠᠭᠤᠯᠤᠭᠴᠢ / ᠸᠠᠩ ᠵᠢᠩ       ᠬᠢᠨᠠᠨ ᠬᠠᠷᠭᠤᠭᠤᠯᠤᠭᠴᠢ / ᠴᠦ᠋ ᠴᠢ       ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ     
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1