ᠰᠢ ᠯᠤ᠋ ᠲᠢᠶᠠᠨ ᠵᠡᠭᠡᠯᠢ ᠭᠤᠳᠤᠮᠵᠢ ᠶᠢᠨ ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ ᠳᠤ ︽ᠬᠤᠶᠠᠷ ᠢ ᠳᠡᠭᠡᠭᠰᠢᠯᠡᠭᠦᠯᠵᠦ ᠨᠢᠭᠡ ᠶᠢ ᠪᠠᠭᠠᠰᠬᠠᠬᠤ︾ ᠠᠵᠢᠯ ᠢ ᠪᠣᠳᠠᠲᠠᠶ ᠬᠢᠵᠦ ᠳᠠᠭᠤᠰᠬᠠᠪᠠ
ᠨᠡᠶᠢᠲᠡᠯᠡᠭᠰᠡᠨ ᠴᠠᠭ᠄
2021/12/19
     ᠰᠢ ᠯᠦ ᠲᠢᠶᠠᠨ ᠵᠡᠭᠡᠯᠢ ᠭᠤᠳᠤᠮᠵᠢ ᠶᠢᠨ ᠬᠢᠨ ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾᠎ ᠲᠠᠢ ᠨᠢᠭᠲᠠ ᠤᠶᠠᠯᠳᠤᠭᠤᠯᠵᠤ᠂ ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ ᠠᠰᠠᠭᠤᠳᠠᠯ ᠢ ᠰᠢᠢᠳᠪᠦᠷᠢᠯᠡᠬᠦ ᠪᠠᠷ ᠲᠤᠰᠬᠠᠢ ᠠᠵᠢᠯᠯᠠᠭ᠎ᠠ ᠶᠢᠨ ᠦᠷ᠎ᠡ ᠪᠦᠲᠦᠭᠡᠯ ᠢ ᠰᠢᠯᠭᠠᠬᠤ ᠴᠢᠬᠤᠯᠠ ᠭᠦᠢᠴᠡᠳᠬᠡᠯ ᠲᠤᠭ᠎ᠠ ᠪᠣᠯᠭᠠᠵᠤ᠂ ︽ᠬᠤᠶᠠᠷ ᠢ ᠳᠡᠭᠡᠭᠰᠢᠯᠡᠭᠦᠯᠵᠦ ᠨᠢᠭᠡ ᠶᠢ ᠪᠠᠭᠠᠰᠬᠠᠬᠤ︾᠎ ᠪᠠᠷ ᠳᠠᠮᠵᠢᠭᠤᠯᠵᠤ᠂ ᠨᠢᠭᠡ ᠪᠦᠯᠦᠭ ᠤᠷᠳᠤ ᠬᠤᠭᠤᠴᠠᠭ᠎ᠠ ᠪᠠᠷ ᠣᠷᠣᠰᠢᠵᠤ ᠪᠠᠶᠢᠭ᠎ᠠ᠂ ᠪᠠᠶᠢᠳᠠᠯ ᠨᠠᠷᠢᠨ ᠪᠤᠳᠤᠯᠢᠶᠠᠨᠲᠠᠢ᠂ ᠬᠤᠯᠪᠣᠭᠳᠠᠬᠤ ᠬᠡᠪᠴᠢᠶ᠎ᠡ ᠥᠷᠭᠡᠨ᠂ ᠰᠢᠢᠳᠪᠦᠷᠢᠯᠡᠬᠦ ᠳᠤ ᠬᠦᠴᠢᠷᠲᠡᠢ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠡᠢ᠃
     ᠦᠵᠡᠯ ᠤᠬᠠᠮᠰᠠᠷ ᠪᠠ ᠪᠠᠶᠢᠳᠠᠯ ᠢ ᠳᠡᠭᠡᠭᠰᠢᠯᠡᠭᠦᠯᠦᠨ᠎ᠡ᠃ᠪᠦᠬᠦ ᠺᠠᠳ᠋ᠷ ᠠᠵᠢᠯᠳᠠᠨ ᠠᠵᠢᠯᠴᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠬᠤᠳᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠪᠠᠷ ᠳᠠᠮᠵᠢᠭᠤᠯᠵᠤ᠂ ᠶᠤᠸᠠᠨ ᠪᠦᠦ ᠱᠠᠨ ᠲᠣᠭᠤᠷᠢᠭ ᠤᠨ ︽ᠨᠢᠭᠡ ᠬᠤᠳᠠ ᠭᠤᠷᠪᠠᠨ ᠰᠠᠭᠤᠷᠢᠨ︾᠎ ᠢ ᠪᠦᠳᠦᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠲᠠ᠂ ︽ᠲᠦᠷᠪᠡ ᠶᠢ ᠲᠠᠬᠢᠨ ᠪᠠᠶᠢᠭᠤᠯᠬᠤ︾ ᠭᠤᠣᠯ ᠲᠥᠪᠯᠡᠷᠡᠯ ᠤᠨ ᠴᠡᠭ ᠪᠣᠯᠤᠨ ᠰᠢ ᠯᠦ ᠲᠢᠶᠠᠨ ᠠᠵᠤ ᠦᠢᠯᠡᠰ ᠬᠢᠭᠡᠳ ᠬᠤᠳᠠ ᠶᠢ ᠠᠭᠤᠰᠤᠯᠴᠠᠭᠤᠯᠤᠨ ᠬᠥᠭᠵᠢᠭᠦᠯᠬᠦ ᠣᠷᠣᠨ ᠢ ᠪᠦᠳᠦᠭᠡᠨ ᠪᠠᠶᠢᠭᠤᠯᠬᠤ ᠲᠥᠯᠥᠪᠵᠢᠭᠦᠯᠭᠡ ᠲᠠᠢ ᠬᠠᠷᠢᠴᠠᠭᠤᠯᠵᠤ᠂ ᠤᠯᠠᠨ ᠲᠦᠮᠡᠨ ᠤ 108 ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠡᠷᠢᠨ ᠭᠠᠷᠭᠠᠵᠤ᠂ ᠰᠢᠢᠳᠪᠦᠷᠢᠯᠡᠬᠦ ᠲᠥᠰᠦᠯ ᠢ ᠨᠢᠭᠡᠳ ᠨᠢᠭᠡ ᠪᠠᠷ ᠲᠣᠭᠲᠠᠭᠠᠪᠠ᠃ ᠣᠳᠣᠬᠠᠨ ᠳᠤ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ᠂ ᠣᠷᠳᠣ ᠬᠤᠭᠤᠴᠠᠭ᠎ᠠ ᠪᠠᠷ ᠣᠷᠣᠰᠢᠵᠤ ᠪᠠᠶᠢᠭ᠎ᠠ ᠭᠤᠤᠯᠳᠠᠯᠭ᠎ᠠ ᠲᠠᠢ ᠪᠠ ᠪᠡᠷᠬᠡᠲᠡᠶ 12 ᠠᠰᠠᠭᠤᠳᠠᠯ ᠢ ᠪᠠᠭᠲᠠᠭᠠᠭᠰᠠᠨ ᠡᠷᠢᠵᠦ ᠭᠠᠷᠭᠠᠭᠰᠠᠨ ᠠᠰᠠᠭᠤᠳᠠᠯ ᠢ ᠨᠢᠭᠡᠨᠲᠡ ᠪᠦᠬᠦᠨ ᠢ  ᠰᠢᠢᠳᠪᠦᠷᠢᠯᠡᠭᠰᠡᠨ ᠪᠠᠶᠢᠨ᠎ᠠ᠃ ᠰᠤᠷᠤᠯᠴᠠᠨ ᠬᠠᠷᠢᠴᠠᠭᠤᠯᠬᠤ ᠪᠠ ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠭᠤᠯᠤᠨ᠂ ᠪᠦᠬᠦ ᠺᠠᠳ᠋ᠷ ᠠᠵᠢᠯᠳᠠᠨ ᠠᠵᠢᠯᠴᠢᠨ ᠤᠯᠤᠰ ᠲᠦᠷᠦ ᠶᠢᠨ ᠳᠡᠭᠡᠳᠦ ᠬᠡᠮᠵᠢᠶᠡᠨ ᠠᠴᠠ ᠠᠰᠠᠭᠤᠳᠠᠯ ᠢ ᠰᠡᠳᠬᠢᠬᠦ᠂ ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ ᠶᠢ ᠪᠠᠲᠤ ᠪᠤᠢ ᠪᠣᠯᠭᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠣᠪᠣᠷ ᠨᠢ ᠨᠡᠩ ᠡᠷᠡᠰ ᠰᠢᠭᠤᠷᠬᠠᠢ᠂ ᠠᠵᠢᠯᠯᠠᠭ᠎ᠠ ᠨᠢ ᠨᠡᠩ ᠲᠦᠷᠭᠡᠨ ᠪᠣᠯᠪᠠ᠃    ᠴᠢᠳᠠᠪᠤᠷᠢ ᠪᠠ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠤᠰᠢᠶᠠᠯ ᠬᠠᠷᠢᠭᠤᠴᠠᠯᠭ᠎ᠠ ᠶᠢ ᠡᠮᠬᠢᠯᠡᠨ ᠳᠢᠭᠯᠡᠬᠦ ᠪᠠᠷ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠳᠥᠯᠭᠢᠨ ᠠᠬᠢᠭᠤᠯᠵᠤ ᠂ ᠨᠡᠶᠢᠲᠡ 139 ᠵᠤᠷᠪᠤᠰ ᠲᠤᠰᠢᠶᠠᠯ ᠬᠠᠷᠢᠭᠤᠴᠠᠯᠭ᠎ᠠ ᠶᠢ ᠡᠮᠬᠢᠯᠡᠨ ᠳᠢᠭᠯᠡᠵᠦ᠂ ᠡᠭᠦᠨ ᠳᠤ 72 ᠵᠤᠷᠪᠤᠰ ᠢ ᠨᠠᠷᠢᠯᠢᠬᠵᠢᠭᠤᠯᠤᠨ᠂ 46 ᠵᠤᠷᠪᠤᠰ ᠲᠤᠰᠢᠶᠠᠯ ᠬᠠᠷᠢᠭᠤᠴᠠᠯᠭ᠎ᠠ ᠶᠢ ᠲᠡᠭᠦᠯᠳᠡᠷᠵᠢᠭᠦᠯᠵᠦ᠂ 21 ᠵᠤᠷᠪᠤᠰ ᠰᠢᠨ᠎ᠡ ᠪᠠᠷ ᠨᠡᠮᠡᠪᠡ᠃ ᠲᠤᠰᠢᠶᠠᠯ ᠬᠠᠷᠢᠭᠤᠴᠠᠯᠭ᠎ᠠ ᠪᠠᠨ ᠨᠠᠷᠢᠯᠢᠬᠵᠢᠭᠤᠯᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠠᠵᠢᠯᠯᠠᠭᠠᠨ ᠤ ᠲᠠᠯᠠᠪᠤᠷ ᠴᠥᠭᠡᠨ᠂ ᠶᠠᠪᠤᠵᠤ ᠰᠠᠭᠤᠬᠤ ᠳᠤ ᠳᠥᠭᠦᠮ ᠦᠭᠡᠢ᠂ ᠰᠠᠭᠤᠭᠠᠯᠢ ᠠᠷᠠᠳ ᠤᠨ ᠲᠣᠭᠤᠷᠢᠭ ᠤᠨ ᠳᠣᠲᠣᠷᠠᠬᠢ ᠨᠡᠭᠦᠳᠡᠯ ᠳᠡᠯᠭᠡᠭᠦᠷᠴᠢᠨ ᠵᠡᠷᠭᠡ 47 ᠠᠰᠠᠭᠤᠳᠠᠯ ᠢ ᠰᠢᠢᠳᠪᠦᠷᠢᠯᠡᠪᠡ᠃ ᠲᠤᠰᠢᠶᠠᠯ ᠬᠠᠷᠢᠭᠤᠴᠠᠯᠭ᠎ᠠ ᠪᠠᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ ᠤ ᠴᠡᠭ ᠴᠥᠭᠡᠨ᠂ ᠳᠠᠬᠢᠨ ᠠᠵᠢᠯ ᠤᠯᠬᠤ ᠳᠤ ᠬᠦᠴᠢᠷᠲᠡᠶ᠂ ᠠᠵᠢᠯ ᠶᠠᠪᠤᠳᠠᠯ ᠭᠦᠢᠴᠡᠳᠭᠡᠬᠦ ᠲᠠᠰ ᠳᠠᠷᠠᠭᠠᠯᠠᠯ ᠪᠤᠳᠤᠯᠢᠶᠠᠨᠲᠠᠶ ᠵᠡᠷᠭᠡ 29 ᠠᠰᠠᠭᠤᠳᠠᠯ ᠢ ᠰᠢᠢᠳᠪᠦᠷᠢᠯᠡᠪᠡ᠃ ᠡᠭᠦᠷᠭᠡ ᠬᠠᠷᠢᠭᠤᠴᠠᠯᠭ᠎ᠠ ᠶᠢ ᠰᠢᠨ᠎ᠡ ᠪᠠᠷ ᠨᠡᠮᠡᠭᠳᠡᠭᠦᠯᠬᠦ ᠪᠠᠷ ᠳᠠᠮᠵᠢᠭᠤᠯᠤᠨ᠂ ᠥᠨᠳᠥᠷ ᠣᠭᠲᠠᠷᠭᠤᠶ ᠳᠤ ᠶᠠᠭᠤᠮ᠎ᠠ ᠬᠠᠶᠠᠬᠤ᠂ ᠬᠤᠭᠤᠯᠠᠶ ᠰᠡᠯᠪᠢᠨ ᠵᠠᠰᠠᠬᠤ᠂ ᠠᠰᠠᠷ ᠤᠨ ᠬᠤᠩᠭᠢᠯ ᠳᠤ ᠶᠠᠭᠤᠮ᠎ᠠ ᠣᠪᠣᠭᠠᠯᠠᠬᠤ᠂ ᠲᠡᠨᠦᠭᠦᠯ ᠮᠤᠤᠷ ᠨᠣᠬᠠᠶ ᠵᠡᠷᠭᠡ 32 ᠠᠰᠠᠭᠤᠳᠠᠯ ᠢ ᠰᠢᠢᠳᠪᠦᠷᠢᠯᠡᠪᠡ᠃ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠪᠠᠷ ᠳᠠᠮᠵᠢᠭᠤᠯᠤᠨ᠂ ᠠᠵᠢᠯ ᠶᠠᠪᠤᠳᠠᠯ ᠢ ᠬᠠᠮᠢᠶᠠᠷᠬᠤ ᠬᠥᠮᠦᠨ ᠲᠠᠢ᠂ ᠠᠵᠢᠯ ᠶᠠᠪᠤᠳᠠᠯ ᠬᠢᠬᠦ ᠬᠥᠮᠦᠨ ᠲᠠᠢ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ ᠪᠠᠶᠢᠬᠤ ᠰᠠᠶᠢᠨ ᠰᠠᠶᠢᠬᠠᠨ ᠠᠵᠢᠯ ᠤᠨ ᠪᠠᠶᠢᠷᠢᠰᠢᠯ ᠢ ᠰᠢᠢᠳᠪᠦᠷᠢᠯᠡᠵᠦ᠂ ᠺᠠᠳ᠋ᠷ ᠠᠵᠢᠯᠳᠠᠨ ᠠᠵᠢᠯᠴᠢᠨ ᠤ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃        ᠳᠤᠲᠠᠭᠤᠳᠠᠯ ᠪᠠ ᠳᠤᠲᠠᠭᠳᠠᠯ ᠢ ᠪᠠᠭᠠᠰᠬᠠᠨ᠎ᠠ᠃ᠪᠣᠳᠠᠲᠠᠶ ᠶᠠᠪᠤᠳᠠᠯ ᠬᠢᠬᠦ ᠶᠠᠪᠤᠴᠠ ᠳᠤ ᠲᠣᠬᠢᠶᠠᠯᠳᠤᠭᠰᠠᠨ ᠬᠠᠷᠰᠢ ᠰᠠᠭᠠᠳ ᠢᠶᠠᠷ ᠳᠠᠮᠵᠢᠭᠤᠯᠤᠨ᠂ ᠠᠵᠢᠯ ᠤᠨ ᠳᠤᠮᠳᠠᠬᠢ ᠳᠤᠲᠠᠭᠤᠳᠠᠯ ᠪᠠ ᠳᠤᠲᠠᠭᠳᠠᠯ ᠢ ᠢᠯᠡᠷᠡᠭᠦᠯᠵᠦ᠂ ᠵᠢᠷᠤᠮ ᠨᠢ ᠵᠢᠷᠤᠮᠵᠢᠯ ᠥᠬᠡᠶ᠂ ᠲᠣᠭᠲᠠᠴᠠ ᠨᠢ ᠰᠢᠯᠤᠭᠤᠨ ᠪᠤᠰᠤ ᠪᠠᠶᠢᠬᠤ ᠠᠰᠠᠭᠤᠳᠠᠯ ᠳᠤ ᠴᠢᠭᠯᠡᠭᠦᠯᠦᠨ᠂ ᠵᠡᠭᠡᠯᠢ ᠭᠤᠳᠤᠮᠵᠢ ᠶᠢᠨ ᠲᠠᠰ ᠳᠠᠪᠬᠤᠷᠭ᠎ᠠ ᠶᠢᠨ 7 ᠲᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠪᠡ᠃ ᠪᠥᠬᠦ ᠺᠠᠳ᠋ᠷ ᠠᠵᠢᠯᠲᠠᠨ ᠠᠵᠢᠯᠴᠢᠨ ᠠᠰᠠᠭᠤᠳᠠᠯ ᠤᠨ ᠨᠠᠷᠢᠨ ᠲᠠᠩᠰᠠ ᠳᠤ ᠴᠢᠭᠯᠡᠭᠦᠯᠦᠨ 232 ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠲᠠᠢ ᠤᠶᠠᠯᠳᠤᠭᠤᠯᠤᠨ ᠰᠠᠨᠠᠯ ᠢᠶᠠᠨ ᠭᠦᠨᠵᠡᠭᠡᠶ ᠰᠣᠯᠢᠯᠴᠠᠵᠤ᠂ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠴᠡᠭᠴᠡᠯᠡᠨ ᠥᠭᠡᠷᠡᠴᠢᠯᠡᠭᠰᠡᠨ ᠤ ᠳᠠᠷᠠᠭᠠᠬᠢ ᠬᠠᠭᠠᠰ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃ ᠳᠤᠲᠠᠭᠤᠳᠠᠯ ᠢ ᠪᠠᠭᠠᠰᠬᠠᠵᠤ ᠳᠤᠲᠠᠭᠳᠠᠯ ᠢ ᠬᠤᠷᠢᠭᠯᠠᠬᠤ ᠪᠠᠷ ᠳᠠᠮᠵᠢᠨ ᠲᠣᠭᠲᠠᠴᠠ ᠶᠢ ᠰᠢᠯᠤᠭᠤᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ᠂ ᠪᠣᠳᠠᠲᠠᠢ ᠶᠠᠪᠤᠳᠠᠯ ᠢ ᠪᠣᠳᠠᠲᠠᠢ ᠬᠢᠬᠦ ᠴᠢᠳᠠᠪᠤᠷᠢ ᠶᠢ ᠴᠢᠩᠭᠠᠳᠬᠠᠵᠠᠢ᠃     ᠡᠬᠡ ᠪᠢᠴᠢᠭ / ᠰᠢ ᠯᠦ ᠲᠢᠶᠠᠨ ᠵᠡᠭᠡᠯᠢ ᠭᠤᠳᠤᠮᠵᠢ᠂ ᠱᠠᠨ ᠱᠢ ᠴᠤᠤ     ᠨᠠᠶᠢᠷᠠᠭᠤᠯᠤᠭᠴᠢ / ᠸᠠᠩ ᠵᠢᠩ     ᠬᠢᠨᠠᠨ ᠬᠠᠷᠭᠤᠭᠤᠯᠤᠭᠴᠢ / ᠴᠦ᠋ ᠴᠢ     ᠡᠴᠦᠰ ᠤᠨ ᠰᠢᠭᠦᠯᠲᠡ / ᠲᠤᠤ ᠳ᠋ᠠ ᠶᠦᠩᠢᠷᠡᠯᠲᠡ᠄     ᠾᠥᠸᠧ ᠯᠢ ᠶᠤᠸᠠᠨ ᠪᠤᠤ ᠱᠠᠨ ᠨᠠᠶᠢᠷᠠᠭᠤᠯᠤᠭᠴᠢ᠄      ᠪᠤᠤ ᠯᠢᠩ ᡁᠢᠬᠢᠨᠠᠨ ᠬᠠᠷᠭᠤᠭᠤᠯᠤᠭᠴᠢ᠄      ᠸᠠᠩ ᠯᠸᠢᠶᠡᠷᠤᠩᠬᠡᠢ ᠬᠢᠨᠠᠭᠴᠢ᠄     ᠯᠢ ᠸᠧᠢ    
 
ᠢᠷᠡᠯᠲᠡ᠄ ᠾᠥᠸᠧ ᠯᠢ ᠶᠤᠸᠠᠨ ᠪᠤᠤ ᠱᠠᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1